ᠮᠠᠨᠵᠤᠤᠷ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷ
ᠨᠡᠶᠢᠲᠡᠯᠡᠭᠰᠡᠨ ᠴᠠᠭ᠄
2020/10/29
                ︵19  ᠳ᠋ᠦ᠋ᠭᠡᠷ ᠬᠤᠭᠤᠴᠠᠭ᠎ᠠ︶     2020 ᠣᠨ ᠤ 10 ᠰᠠᠷ᠎ᠠ ᠶᠢᠨ 24 ᠤ ᠡᠳᠦᠷ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠺᠠᠱᠭᠠᠷ ᠣᠷᠣᠨ ᠤ ᠪᠠᠶᠢᠴᠠᠭᠠᠯᠲᠠ ᠬᠢᠬᠦ  ᠶᠤᠰᠤᠲᠠᠢ ᠬᠥᠮᠦᠰ ᠲᠤ ᠲᠣᠭᠲᠠᠭᠰᠠᠨ ᠬᠤᠭᠤᠴᠠᠭᠠᠨ ᠤ ᠬᠢᠨᠠᠨ ᠬᠡᠮᠵᠢᠯᠲᠡ ᠬᠢᠬᠦ ᠶᠠᠪᠤᠴᠠ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠶ ᠬᠠᠯᠳᠠᠪᠤᠷᠢᠯᠠᠭᠰᠠᠳ ᠢ ᠢᠯᠡᠷᠡᠭᠦᠯᠵᠡᠶ᠃ ᠲᠡᠷᠡ ᠳᠠᠷᠤᠶ ᠳᠤᠨᠢ ᠪᠦᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠶ᠃ 10 ᠰᠠᠷ᠎ᠠ ᠶᠢᠨ 25 ᠤ ᠣᠷᠣᠢ ᠪᠣᠯᠲᠠᠯ᠎ᠠ᠂ ᠺᠠᠱᠭᠠᠷ ᠣᠷᠣᠨ ᠳᠤ ᠡᠪᠡᠳᠴᠢᠨ ᠤ ᠢᠯᠡᠷᠡᠯ ᠦᠭᠡᠶ ᠬᠠᠯᠳᠠᠪᠤᠷᠢᠯᠠᠭᠰᠠᠳ ᠢ 138 ᠢᠯᠡᠷᠡᠭᠦᠯᠵᠦ᠂ ᠲᠤᠬᠠᠢ ᠶᠢᠨ ᠭᠠᠵᠠᠷ ᠤᠷᠤᠨ ᠨᠢᠭᠡᠨᠲᠡ ᠢᠭᠡᠳᠦᠭᠡᠷ ᠳᠡᠰ ᠤᠨ ᠴᠤᠤᠷᠢᠶᠠᠲᠤᠯ ᠢᠶᠠᠨ ᠡᠬᠢᠯᠡᠭᠦᠯᠵᠡᠢ᠃ ᠣᠳᠣᠬᠠᠨ ᠳᠤ ᠣᠯᠠᠨ ᠤᠯᠤᠰ ᠤᠨ ᠬᠢᠵᠢᠭ ᠤᠨ ᠪᠠᠢᠳᠠᠯ ᠦᠷᠭᠦᠯᠵᠢᠯᠡᠨ ᠲᠠᠷᠬᠠᠭᠰᠠᠨ ᠪᠠ ᠨᠠᠮᠤᠷ ᠡᠪᠦᠯ ᠤᠨ ᠤᠯᠠᠷᠢᠯ  ᠤᠨ ᠬᠢᠵᠢᠭ ᠤᠨ ᠪᠠᠢᠳᠠᠯ ᠳᠠᠬᠢᠨ ᠡᠭᠦᠰᠬᠦ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠭ᠎ᠠ ᠪᠣᠳᠠᠲᠤ ᠪᠠᠢᠳᠠᠯ ᠠᠴᠠ ᠪᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠢ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠥᠷᠭᠡᠨ ᠣᠯᠠᠨ ᠬᠤᠲᠠ ᠶᠢᠨ ᠠᠷᠠᠳ ᠲᠦᠮᠡᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠠᠯ᠎ᠠ ᠠᠴᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠨᠢᠭᠲᠠ ᠠᠩᠬᠠᠷᠬᠤ ᠬᠡᠷᠡᠭᠲᠡᠶ᠃ 10 ᠰᠠᠷ᠎ᠠ ᠶᠢᠨ 10 ᠤ ᠡᠳᠦᠷ ᠠᠴᠠ ᠨᠠᠰᠢ ᠺᠠᠱᠭᠠᠷ ᠣᠷᠣᠨ ᠠᠴᠠ ᠮᠠᠨ ᠤ ᠬᠤᠲᠠ  ᠳᠤ ᠪᠤᠴᠠᠭᠠ ᠢᠷᠡᠬᠦ ᠳᠡᠭᠡᠨ ᠬᠠᠮᠤᠭ ᠤᠨ ᠲᠦᠷᠦᠭᠦᠨ ᠳᠤ ᠬᠠᠷᠢᠶ᠎ᠠ ᠨᠡᠶᠢᠭᠡᠮ ᠲᠣᠭᠤᠷᠢᠭ ᠪᠣᠯᠤᠨ ᠨᠢᠭᠡᠴᠡ ᠳᠡᠭᠡᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠠᠵᠢᠯᠯᠠᠭ᠎ᠠ ᠶᠢᠨ ᠵᠠᠮ ᠮᠥᠷ ᠪᠣᠯᠤᠨ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢ ᠬᠠᠩᠭᠠᠬᠤ ᠶᠢᠨ ᠬᠠᠮᠲᠤ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠨ ᠰᠢᠨᠵᠢᠬᠦ᠂ ᠡᠷᠡᠭᠦᠯ ᠮᠡᠨᠳᠦ ᠶᠢ ᠳᠠᠭᠠᠵᠤ ᠰᠤᠷᠪᠤᠯᠵᠢᠯᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃    ᠬᠤᠶᠠᠷ᠂ ᠡᠯ᠎ᠡ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠪᠣᠯᠤᠨ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠵᠢᠴᠢ ᠡᠯ᠎ᠡ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ 10 ᠰᠠᠷ᠎ᠠ ᠶᠢᠨ 10 ᠤ ᠡᠳᠦᠷ ᠠᠴᠠ ᠨᠠᠰᠢᠬᠢ ᠺᠠᠱᠭᠠᠷ ᠣᠷᠣᠨ ᠤ ᠮᠠᠨ ᠤ ᠬᠤᠲᠠ ᠳᠤ ᠢᠷᠡᠭᠰᠡᠨ ᠬᠦᠮᠦᠰ ᠢ ᠳᠠᠷᠦ᠋ᠢᠬᠠᠨ ᠪᠦᠬᠦ ᠲᠠᠯ᠎ᠠ ᠶᠢᠨ ᠪᠠᠶᠢᠴᠠᠭᠠᠯᠲᠠ ᠬᠢᠬᠦ ᠬᠡᠷᠡᠭᠲᠡᠶ᠃    ᠭᠤᠷᠪᠠ᠂ 10 ᠰᠠᠷ᠎ᠠ ᠶᠢᠨ 10 ᠤ ᠡᠳᠦᠷ ᠠᠴᠠ ᠨᠠᠰᠢ᠂ ᠺᠠᠱᠭᠠᠷ ᠣᠷᠣᠨ ᠤ ᠬᠢᠨ ᠮᠠᠨ ᠤ ᠬᠤᠲᠠ ᠬᠤᠲᠠ ᠳᠤ ᠢᠷᠡᠭᠰᠡᠨ  7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠭᠡᠷᠡᠴᠢ ᠪᠠᠶ᠋ᠬᠤ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠴᠢᠨᠠᠷᠲᠠᠢ ᠮᠡᠳᠡᠭᠡ ᠵᠠᠩᠭᠢ ᠶᠢᠨ ᠡᠷᠡᠭᠦᠯ ᠨᠡᠪᠲᠡᠷᠡᠬᠦ ᠺᠣᠳ᠋ ᠢᠶᠠᠨ ᠭᠠᠷᠭᠠᠵᠤ ᠦᠵᠡᠭᠦᠯᠦᠭᠰᠡᠨ ᠬᠥᠮᠦᠨ ᠪᠦᠬᠦᠨ᠂ ᠳᠤᠯᠠᠭᠠᠨ ᠢ ᠬᠡᠮᠵᠢᠬᠦ ᠨᠢ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ  ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃ ᠬᠡᠷᠪᠡ ᠳᠡᠭᠡᠷ᠎ᠡ ᠳᠤᠷᠠᠳᠤᠭᠰᠠᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷᠲᠠᠢ ᠮᠡᠳᠡᠭᠡ ᠵᠠᠩᠭᠢ ᠶᠢ ᠬᠠᠩᠭᠠᠵᠤ ᠳᠡᠶᠢᠯᠬᠦ ᠦᠭᠡᠢ ᠪᠤᠶᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠡᠳᠦᠶ ᠪᠠᠶᠢᠪᠠᠯ᠂ ᠡᠩ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠬᠤ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠤᠨ ᠪᠢᠯᠢᠭ ᠴᠢᠨᠠᠷ ᠨᠢ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃    ᠳᠥᠷᠪᠡ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠥᠷᠲᠡᠭᠡ ᠪᠣᠯᠤᠨ ᠨᠡᠶᠢᠭᠡᠮ ᠲᠣᠭᠤᠷᠢᠭ ᠤᠳ ᠲᠣᠤᠷᠵᠢᠭᠤᠯᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠪᠠᠨ ᠦᠷᠭᠦᠯᠵᠢᠯᠡᠨ ᠴᠢᠩᠭᠠᠷᠠᠭᠤᠯᠵᠤ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠲᠣᠭᠲᠠᠴᠠ ᠶᠢ ᠴᠢᠩᠭ᠎ᠠ ᠨᠠᠢᠳᠠᠪᠤᠷᠢᠵᠢᠭᠤᠯᠬᠤ᠂ 10 ᠰᠠᠷ᠎ᠠ ᠶᠢᠨ 10 ᠤ ᠡᠳᠦᠷ ᠠᠴᠠ ᠨᠠᠰᠢ ᠺᠠᠱᠭᠠᠷ ᠣᠷᠣᠨ ᠠᠴᠠ ᠮᠠᠨ ᠤ ᠬᠤᠲᠠ ᠶᠢᠨ ᠬᠥᠮᠦᠰ ᠢ ᠵᠢᠭᠰᠠᠭᠠᠨ ᠪᠠᠶᠢᠴᠠᠭᠠᠵᠤ ᠳᠠᠩᠰᠠᠯᠠᠬᠤ ᠪᠠ ᠬᠠᠮᠢᠶᠠᠷᠤᠨ ᠡᠵᠡᠮᠳᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠶᠢ ᠴᠢᠩᠭ᠎ᠠ ᠬᠢᠨᠠᠨ ᠪᠠᠶᠢᠴᠠᠭᠠᠨ᠎ᠠ᠃ ᠠᠶᠠᠯᠠᠯ ᠤᠨ ᠨᠣᠮᠧᠷ᠂ ᠡᠷᠡᠭᠦᠯ ᠮᠡᠨᠳᠦ ᠶᠢᠨ ᠨᠣᠮᠧᠷ ᠢ ᠪᠠᠶᠢᠴᠠᠭᠠᠨ ᠰᠢᠯᠭᠠᠨ᠎ᠠ᠃    ᠲᠠᠪᠤ᠂ ᠥᠷᠭᠡᠨ ᠤᠯᠠᠨ ᠬᠤᠳᠠ ᠶᠢᠨ ᠠᠷᠠᠳ ᠴᠢᠬᠤᠯᠠ ᠲᠠᠢ ᠪᠢᠰᠢ ᠪᠣᠯ ᠤᠢᠢᠷ᠎ᠠ ᠶᠢᠨ ᠬᠤᠭᠤᠴᠠᠭᠠᠨ ᠳᠤ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠳᠤ ᠣᠴᠢᠵᠤ ᠪᠣᠯᠬᠤ ᠦᠭᠡᠢ᠃ ᠬᠡᠷᠪᠡ ᠦᠨᠡᠬᠡᠷ ᠣᠴᠢᠬᠤ ᠴᠢᠬᠤᠯᠠ ᠲᠠᠢ ᠪᠣᠯ ᠮᠠᠨ ᠤ ᠬᠤᠲᠠ ᠳᠤ ᠪᠤᠴᠠᠬᠤ ᠠᠴᠠ ᠡᠮᠦᠨ᠎ᠡ ᠪᠠᠶᠢᠭᠤᠯᠭ᠎ᠠ ᠨᠢᠭᠡᠴᠡ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠵᠣᠬᠢᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ  ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃    ᠵᠢᠷᠭᠤᠭ᠎ᠠ᠂ ᠥᠷᠭᠡᠨ ᠣᠯᠠᠨ ᠬᠤᠲᠠ ᠶᠢᠨ ᠠᠷᠠᠳ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠶᠢ ᠦᠷᠭᠦᠯᠵᠢᠯᠡᠨ ᠪᠠᠷᠢᠮᠲᠠᠯᠠᠵᠤ᠂ ᠭᠠᠷ ᠢᠶᠠᠨ ᠦᠷᠭᠦᠯᠵᠢ ᠤᠬᠢᠶᠠᠵᠤ᠂ ᠰᠠᠯᠬᠢ ᠦᠷᠭᠦᠯᠵᠢ ᠨᠡᠪᠲᠡᠷᠡᠭᠦᠯᠬᠦ ᠶᠢ ᠪᠡᠶᠡᠯᠡᠭᠦᠯᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ︽ᠨᠢᠭᠡ ᠮᠧᠲᠷ ᠤᠨ ᠱᠤᠭᠤᠮ︾ ᠤᠨ ᠵᠠᠶ ᠶᠢ ᠪᠠᠲᠤᠯᠠᠨ᠎ᠠ᠃ ᠵᠢᠱᠢᠶᠡᠯᠡᠪᠡᠯ ᠬᠠᠯᠠᠭᠤᠷᠠᠬᠤ᠂ ᠬᠠᠨᠢᠶᠠᠬᠤ ᠵᠡᠷᠭᠡ ᠪᠠᠶᠢᠳᠠᠯ ᠢᠯᠡᠷᠡᠨ᠎ᠡ᠃ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠡᠮᠨᠡᠨ ᠵᠠᠰᠠᠵᠤ᠂ ᠬᠤᠪᠢ ᠬᠥᠮᠦᠨ ᠤ ᠰᠡᠷᠭᠡᠶᠢᠯᠡᠯᠲᠡ ᠶᠢ ᠪᠦᠬᠦ ᠶᠠᠪᠤᠴᠠ ᠪᠠᠷ ᠰᠠᠶᠢᠲᠤᠷ ᠬᠢᠬᠦ ᠬᠡᠷᠡᠭᠲᠡᠶ᠃                                   2020 ᠣᠨ ᠤ 10 ᠰᠠᠷ᠎ᠠ ᠶᠢᠨ 26 ᠤ ᠡᠳᠦᠷ
 
ᠢᠷᠡᠯᠲᠡ᠄ ᠮᠠᠨᠵᠤᠤᠷ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号