ᠮᠠᠨᠵᠤᠤᠷ ᠤᠨ ᠪᠠᠷᠠᠭᠤᠨ ᠳᠡᠭᠦᠷᠭᠡ ᠶᠢᠨ ᠨᠢᠰᠬᠡᠯ ᠤᠨ ᠪᠠᠭᠤᠳᠠᠯ ᠤᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠪᠠᠨ ᠰᠡᠷᠭᠦᠭᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/10/29
    ᠮᠠᠨᠵᠤᠤᠷ ᠤᠨ ᠪᠠᠷᠠᠭᠤᠨ ᠳᠡᠭᠦᠷᠭᠡ ᠶᠢᠨ ᠨᠢᠰᠬᠡᠯ ᠤᠨ ᠪᠠᠭᠤᠳᠠᠯ ᠤᠨ ᠨᠡᠶᠢᠲᠡ ᠶᠢᠨ       ᠮᠠᠰᠢᠨ ᠲᠡᠷᠭᠡᠨ ᠤ ᠡᠵᠡᠩᠨᠡᠯᠲᠡ ᠪᠠᠨ ᠰᠡᠷᠭᠦᠭᠡᠬᠦ ᠲᠤᠬᠠᠶ ᠠᠯᠪᠠᠨ ᠵᠠᠷ   ᠬᠦᠨᠳᠦᠲᠦ ᠠᠶᠠᠨᠴᠢᠳ᠄    ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠢᠳᠠᠯ ᠲᠠᠢ ᠤᠶᠠᠯᠳᠤᠭᠤᠯᠤᠨ᠂ ᠥᠷᠭᠡᠨ ᠣᠯᠠᠨ ᠠᠶᠠᠨᠴᠢᠳ ᠤᠨ ᠲᠡᠷᠭᠡᠨ ᠳᠤ ᠰᠠᠭᠤᠬᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠬᠤ ᠶᠢᠨ ᠲᠥᠯᠥᠭᠡ᠂ ᠮᠠᠨᠵᠤᠤᠷ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ 10 ᠰᠠᠷ᠎ᠠ ᠶᠢᠨ 27 ᠤ ᠡᠳᠦᠷ ᠠᠴᠠ ᠡᠬᠢᠯᠡᠨ ᠨᠢᠰᠬᠡᠯ ᠤᠨ ᠪᠠᠭᠤᠳᠠᠯ ᠤᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢ ᠰᠡᠷᠭᠦᠭᠡᠪᠡ᠃    ᠨᠢᠭᠡ᠂ ᠠᠵᠢᠯᠯᠠᠬᠤ ᠴᠠᠭ    ᠨᠢᠰᠬᠡᠯ ᠤᠨ ᠪᠠᠭᠤᠳᠠᠯ ᠤᠨ ᠨᠡᠶᠢᠲᠡ ᠶᠢᠨ ᠮᠠᠰᠢᠨ ᠲᠡᠷᠭᠡᠨ ᠤ ᠠᠶᠠᠯᠠᠯ ᠤᠨ ᠴᠠᠭ 09᠄ 00 — 21᠄ 00 ᠂ ᠨᠢᠰᠬᠡᠯ ᠤᠨ ᠪᠠᠭᠤᠳᠠᠯ ᠤᠨ ᠲᠡᠷᠭᠡ ᠬᠥᠳᠡᠯᠬᠦ ᠪᠣᠳᠠᠲᠠᠶ ᠴᠠᠭ ᠢ ᠡᠭᠡᠯᠵᠢ ᠶᠢᠨ ᠨᠢᠰᠬᠡᠯ ᠤᠨ ᠬᠥᠳᠡᠯᠦᠩᠭᠦᠶ ᠪᠠᠷ  ᠲᠤᠭᠲᠠᠭᠠᠨ᠎ᠠ᠃    ᠬᠤᠶᠠᠷ᠂ ᠠᠵᠢᠯᠯᠠᠭᠠᠨ ᠤ ᠱᠤᠭᠤᠮ    1᠂ ᠨᠢᠰᠬᠡᠯ ᠤᠨ ᠪᠠᠭᠤᠳᠠᠯ ᠤᠨ ᠨᠢᠰᠬᠡᠯ ᠬᠦᠯᠢᠶᠡᠬᠦ ᠠᠰᠠᠷ ᠤᠨ ᠡᠮᠦᠨ᠎ᠡ — ᠸᠠᠨ ᠳ᠋ᠠ ᠲᠠᠯᠠᠪᠠᠢ —  ᠪᠸᠢᠢᠹᠠᠩ ᠵᠠᠬ ᠎ᠠ ᠳᠡᠯᠭᠡᠭᠦᠷ — ᠭᠤᠸᠠᠩ ᠳ᠋ᠠ ᠵᠠᠬ᠎ᠠ ᠳᠡᠯᠭᠡᠭᠦᠷ —   ᠱᠡᠵᠧᠩ ᠠᠭᠤᠳᠠᠮ ᠲᠠᠯᠠᠪᠠᠢ    2᠂  ᠬᠤᠲᠠ ᠶᠢᠨ ᠲᠣᠭᠤᠷᠢᠭ ᠠᠴᠠ ᠨᠢᠰᠬᠡᠯ ᠤᠨ ᠪᠠᠭᠤᠳᠠᠯ ᠬᠦᠷᠲᠡᠯ᠎ᠡ ︵ ᠪᠤᠴᠠᠬᠤ ᠵᠠᠮ ᠳᠤ ᠵᠣᠴᠢᠨ ᠲᠡᠭᠡᠭᠡᠬᠦ ᠦᠭᠡᠢ︶    ᠭᠤᠷᠪᠠ᠂ ᠲᠡᠷᠭᠡᠨ ᠳᠤ ᠰᠠᠭᠤᠬᠤ ᠱᠠᠭᠠᠷᠳᠠᠯᠭ᠎ᠠ    1᠂ ᠠᠶᠠᠨᠴᠢᠳ ᠲᠡᠷᠭᠡᠨ ᠳᠤ ᠭᠠᠷᠬᠤ ᠠᠴᠠ ᠡᠮᠦᠨ᠎ᠡ᠂ ᠵᠢᠯᠣᠭᠤᠴᠢ ᠶᠢᠨ ᠬᠠᠩᠭᠠᠭᠰᠠᠨ ᠭᠠᠷ ᠤᠬᠢᠶᠠᠬᠤ ᠠᠷᠢᠭᠤᠳᠬᠠᠬᠤ ᠡᠳ᠋ ᠢᠶᠠᠷ ᠭᠠᠷ ᠤᠨ ᠬᠡᠰᠡᠭ ᠢᠶᠠᠨ ᠠᠷᠢᠭᠤᠳᠬᠠᠬᠤ ᠬᠡᠷᠡᠭᠲᠡᠶ︔    2᠂  ᠵᠢᠯᠣᠭᠤᠴᠢ ᠪᠣᠯᠤᠨ ᠪᠣᠶ ᠪᠥᠬᠦᠶ ᠠᠶᠠᠨᠴᠢᠳ ᠡᠷᠬᠡᠪᠰᠢ ᠲᠣᠭᠲᠠᠭᠠᠯ ᠶᠣᠰᠣᠭᠠᠷ ᠪᠥᠬᠦ ᠶᠠᠪᠤᠴᠠ ᠳᠤ ᠠᠮᠠᠪᠴᠢ ᠵᠡᠭᠦᠬᠦ ᠶᠢᠨ ᠬᠠᠮᠲᠤ ᠵᠠᠶ ᠵᠠᠪᠰᠠᠷ ᠢ ᠨᠢ ᠪᠠᠲᠤᠯᠠᠵᠤ ᠰᠠᠭᠤᠳᠠᠯ ᠳᠤ ᠰᠠᠭᠤᠯᠭᠠᠬᠤ ᠬᠡᠷᠡᠭᠲᠡᠶ︔    3  ᠂ ᠠᠮᠠᠪᠴᠢ ᠵᠡᠭᠦᠭᠰᠡᠨ ᠦᠭᠡᠢ᠂ ᠬᠠᠯᠠᠭᠤᠷᠠᠬᠤ ᠪᠠ ᠬᠠᠨᠢᠶᠠᠬᠤ ᠵᠡᠷᠭᠡ ᠬᠡᠪ ᠤᠨ ᠪᠤᠰᠤ ᠪᠠᠶᠢᠳᠠᠯ ᠲᠠᠢ ᠬᠥᠮᠦᠰ ᠲᠡᠷᠭᠡᠨ ᠲᠤ ᠰᠠᠭᠤᠬᠤ ᠶᠢ ᠴᠠᠭᠠᠵᠠᠯᠠᠨ᠎ᠠ︔    4  ᠂ ᠵᠣᠭᠤᠰ ᠲᠤᠰᠢᠶᠠᠬᠤ ᠠᠷᠭ᠎ᠠ ᠮᠠᠶ᠋ᠢᠭ ᠨᠢ ᠵᠥᠪᠬᠡᠨ ᠺᠣᠳ᠋ ᠰᠢᠷᠪᠢᠵᠦ ᠵᠣᠭᠤᠰ ᠲᠥᠯᠥᠬᠦ ᠪᠠᠷ ᠬᠢᠵᠠᠭᠠᠷᠯᠠᠨ᠎ᠠ᠂ ᠨᠢᠰᠬᠡᠯ ᠤᠨ ᠪᠠᠭᠤᠳᠠᠯ ᠠᠴᠠ ᠸᠠᠨ ᠳ᠋ᠠ ᠠᠭᠤᠳᠠᠮ ᠲᠠᠯᠠᠪᠠᠶ ᠬᠦᠷᠲᠡᠯ᠎ᠡ 10 ᠲᠥᠭᠦᠷᠢᠭ \ ᠬᠥᠮᠦᠨ᠂ ᠨᠢᠰᠬᠡᠯ ᠤᠨ ᠪᠠᠭᠤᠳᠠᠯ ᠠᠴᠠ  ᠪᠸᠢᠢᠹᠠᠩ ᠵᠠᠬ᠎ᠠ ᠳᠡᠯᠭᠡᠭᠦᠷ᠂ ᠭᠤᠸᠠᠩ ᠳ᠋ᠠ ᠵᠠᠬ᠎ᠠ ᠳᠡᠯᠭᠡᠭᠦᠷ᠂ ᠱᠡᠵᠧᠩ ᠲᠠᠯᠠᠪᠠᠶ ᠬᠦᠷᠲᠡᠯ᠎ᠡ ᠴᠥᠮ 15 ᠲᠥᠭᠦᠷᠢᠭ \ ᠬᠥᠮᠦᠨ ᠪᠠᠶᠢᠳᠠᠭ᠃    ᠣᠨᠴᠠᠭᠠᠶᠢᠯᠠᠨ ᠵᠠᠷᠯᠠᠪᠠ                                         ᠮᠠᠨᠵᠤᠤᠷ ᠤᠨ ᠪᠠᠷᠠᠭᠤᠨ ᠳᠡᠭᠦᠷᠭᠡ ᠶᠢᠨ ᠨᠢᠰᠬᠡᠯ ᠤᠨ ᠪᠠᠭᠤᠳᠠᠯ ᠤᠨ            ᠬᠢᠵᠠᠭᠠᠷᠲᠤ ᠬᠠᠷᠢᠭᠤᠴᠠᠯᠭᠠᠲᠤ ᠺᠣᠮᠫᠠᠨᠢ                       2020 ᠣᠨ ᠤ 10 ᠰᠠᠷ᠎ᠠ ᠶᠢᠨ 27 ᠤ ᠡᠳᠦᠷ
 
ᠢᠷᠡᠯᠲᠡ᠄ ᠮᠠᠨᠵᠤᠤᠷ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号