ᠦᠪᠦᠷ ᠮᠤᠩᠭᠤᠯ ᠤᠨ ᠬᠢᠨ ᠦᠬᠡᠷ ᠤᠨ ᠸᠢᠷᠦ᠋ᠰᠲᠤ ᠴᠢᠴᠠᠭ᠎ᠠ ᠠᠯᠲᠠᠬᠤ᠂ ᠦᠬᠡᠷ ᠤᠨ ᠬᠠᠯᠲᠠᠪᠤᠷᠢᠲᠦ ᠴᠢᠨᠠᠷᠲᠠᠢ ᠬᠠᠮᠠᠷ ᠮᠦᠭᠡᠷᠡᠰᠦᠨ ᠬᠤᠭᠤᠯᠠᠢ ᠶᠢᠨ ᠦᠷᠪᠢᠰᠦᠯ ᠤᠨ ᠬᠤᠶᠠᠷ ᠬᠤᠯᠪᠤᠭᠠᠳᠤ ᠸᠢᠷᠦ᠋ᠰ ᠠᠷᠭᠠᠴᠠᠭᠠᠬᠤ ᠸᠠᠺᠽᠢᠨ ᠰᠤᠲᠤᠯᠵᠤ ᠭᠠᠷᠭᠠᠪᠠ
ᠨᠡᠶᠢᠲᠡᠯᠡᠭᠰᠡᠨ ᠴᠠᠭ᠄
2020/11/13
   ᠦᠪᠦᠷ ᠮᠤᠩᠭᠤᠯ ᠤᠨ ︽ ᠶᠢᠨ ᠢᠤᠢ ᠪᠤᠤ ᠯᠢᠩ︾ ᠨᠡᠷᠡᠮᠵᠢᠲᠤ ᠠᠮᠢᠲᠤ ᠪᠤᠳᠠᠰ ᠤᠨ ᠮᠡᠷᠭᠡᠵᠢᠯ ᠰᠤᠲᠤᠯᠭᠠᠨ ᠤ ᠬᠦᠷᠢᠶᠡᠯᠡᠩ ᠤᠨ ᠬᠢᠵᠠᠭᠠᠷᠲᠤ ᠺᠤᠮᠫᠠᠨᠢ ᠶᠢᠨ ᠲᠠᠭᠠᠭᠠᠴᠢᠯᠠᠬᠰᠠᠨ ᠰᠢᠨᠵᠢᠯᠡᠭᠡ ᠮᠡᠷᠭᠡᠵᠢᠯ ᠤᠨ ᠴᠢᠬᠤᠯᠠ ᠲᠤᠮᠤ ᠲᠦᠷᠦᠯ ᠵᠦᠢᠯ — ᠦᠬᠡᠷ ᠤᠨ ᠸᠢᠷᠦ᠋ᠰᠲᠤ ᠴᠢᠴᠠᠭ᠎ᠠ ᠠᠯᠲᠠᠬᠤ᠂ ᠦᠬᠡᠷ ᠤᠨ ᠬᠠᠯᠲᠠᠪᠤᠷᠢᠲᠦ ᠴᠢᠨᠠᠷᠲᠠᠢ ᠬᠠᠮᠠᠷ ᠮᠦᠭᠡᠷᠡᠰᠦᠨ ᠬᠤᠭᠤᠯᠠᠢ ᠶᠢᠨ ᠦᠷᠪᠢᠰᠦᠯ ᠤᠨ ᠬᠤᠶᠠᠷ ᠬᠤᠯᠪᠤᠭᠠᠳᠤ ᠸᠢᠷᠦ᠋ᠰ ᠢ ᠠᠷᠭᠠᠴᠠᠭᠠᠬᠤ ᠸᠠᠺᠽᠢᠨ ᠮᠦᠨ ᠲᠦᠷᠦᠭᠦᠬᠡᠨ ᠲᠤᠰᠬᠠᠢ ᠮᠡᠷᠭᠡᠵᠢᠯᠲᠡᠨ ᠤ ᠪᠠᠳᠤᠯᠠᠯᠲᠠ ᠶᠢ ᠬᠦᠯᠢᠶᠡᠪᠡ᠃   ︽ᠡᠬᠦᠨ ᠠᠴᠠ ᠡᠮᠦᠨ᠎ᠡ᠂ ᠠᠮᠧᠷᠢᠺᠠ᠂ ᠭᠧᠷᠮᠠᠨ᠂ ᠶᠠᠫᠤᠨ᠂ ᠠᠷᠭᠧᠨ᠋ᠲ᠋ᠢᠨ ᠵᠡᠷᠭᠡ ᠤᠯᠤᠰ ᠲᠤ ᠡᠨᠡ ᠬᠤᠶᠠᠷ ᠵᠦᠢᠯ ᠤᠨ ᠭᠡᠮ ᠬᠡᠵᠢᠭ ᠤᠨ ᠬᠤᠯᠪᠤᠭᠠᠳᠤ ᠸᠢᠺᠽᠢᠨ ᠭᠠᠷᠤᠬᠰᠠᠨ ᠪᠠᠶᠢᠬᠰᠠᠨ᠃ ᠪᠢᠲᠡ 5 ᠵᠢᠯ ᠲᠤᠷᠰᠢ ᠶᠢᠨ ᠨᠠᠷᠢᠨ ᠴᠢᠮᠬᠢᠯᠡᠬᠦᠷ ᠰᠤᠳᠤᠯᠭᠠᠨ ᠢᠶᠠᠷ ᠲᠠᠮᠵᠢᠭᠠᠳ ᠬᠤᠶᠠᠷ ᠬᠤᠯᠪᠤᠭᠠᠳᠤ ᠸᠢᠷᠦ᠋ᠰ ᠢ ᠠᠷᠭᠠᠴᠠᠭᠠᠬᠤ ᠸᠠᠺᠽᠢᠨ ᠢ ᠰᠤᠳᠤᠯᠵᠤ ᠭᠠᠷᠭᠠᠭᠠᠳ᠂ ᠤᠯᠤᠰ ᠤᠨ ᠲᠤᠲᠤᠭᠠᠳᠤ ᠶᠢᠨ ᠬᠤᠭᠤᠰᠤᠨ ᠵᠠᠢ ᠶᠢ ᠲᠠᠭᠯᠠᠭᠰᠠᠨ︾ ᠭᠡᠵᠦ ᠦᠪᠦᠷ ᠮᠤᠩᠭᠤᠯ ᠤᠨ ︽ ᠶᠢᠨ ᠢᠤᠢ ᠪᠤᠤ ᠯᠢᠩ︾ ᠨᠡᠷᠡᠮᠵᠢᠲᠤ ᠠᠮᠢᠲᠤ ᠪᠤᠳᠠᠰ ᠤᠨ ᠮᠡᠷᠭᠡᠵᠢᠯ ᠰᠤᠲᠤᠯᠭᠠᠨ ᠤ ᠬᠦᠷᠢᠶᠡᠯᠡᠩ ᠤᠨ ᠬᠢᠵᠠᠭᠠᠷᠲᠤ ᠺᠤᠮᠫᠠᠨᠢ ᠶᠢᠨ ᠰᠤᠳᠤᠯᠭᠠᠨ ᠡᠬᠦᠲᠦᠯᠲᠡ ᠶᠢᠨ ᠵᠠᠬᠢᠷᠤᠯ ᠴᠧᠨ ᠵᠢᠦ ᠯᠢᠶᠠᠨ ᠪᠠᠶᠠᠷᠲᠠᠢ  ᠪᠠᠷ ᠬᠡᠯᠡᠪᠡ᠄ ︽ᠲᠤᠰ ᠸᠠᠺᠽᠢᠨ ᠤ ᠦᠢᠯᠡᠳᠪᠦᠷᠢᠯᠡᠬᠦ ᠤᠷ᠎ᠠ ᠮᠡᠷᠭᠡᠵᠢᠯ ᠬᠢᠭᠡᠳ ᠬᠡᠮᠵᠢᠵᠤ ᠰᠢᠯᠭᠠᠬᠤ ᠮᠡᠷᠭᠡᠵᠢᠯ᠂ ᠦᠢᠯᠡᠳᠬᠦᠨ ᠤ ᠴᠢᠨᠠᠷ ᠴᠢᠨᠰᠠᠭ᠎ᠠ ᠵᠢᠴᠢ ᠸᠢᠷᠦ᠋ᠰ ᠢ ᠰᠡᠷᠭᠡᠶᠢᠯᠡᠬᠦ ᠬᠡᠷᠡᠭᠯᠡᠭᠡᠨ ᠤ ᠦᠷ᠎ᠡ ᠪᠦᠲᠦᠮᠵᠢ ᠴᠦᠮ ᠢᠶᠠᠷ  ᠢᠶᠠᠨ ᠤᠯᠠᠨ ᠤᠯᠤᠰ ᠤᠨ ᠲᠡᠷᠢᠬᠦᠨ ᠤ ᠲᠦᠪᠰᠢᠨ ᠳᠤ ᠬᠦᠷᠦᠭᠰᠡᠨ ᠪᠦᠭᠡᠳ ᠤᠯᠤᠰ ᠤᠨ ᠬᠤᠶᠠᠳᠤᠭᠠᠷ ᠲᠦᠷᠦᠯ  ᠤᠨ ᠮᠠᠯ ᠤᠨ ᠰᠢᠨ᠎ᠡ ᠡᠮ ᠤᠨ ᠦᠨᠡᠮᠯᠡᠯ ᠵᠢᠴᠢ ᠦᠢᠯᠡᠳᠪᠦᠷᠢᠯᠡᠬᠦ ᠦᠨᠡᠮᠯᠡᠯ ᠢᠶᠠᠨ ᠤᠯᠵᠤ᠂ ᠠᠵᠤ ᠠᠬᠤᠶᠢᠯᠠᠯᠲᠠ  ᠶᠢᠨ ᠦᠢᠯᠡᠳᠪᠦᠷᠢᠯᠡᠯ ᠢᠶᠠᠨ ᠪᠡᠶᠡᠯᠡᠬᠦᠯᠦᠭᠰᠡᠨ︾ ᠭᠡᠯ᠎ᠡ᠃   ᠤᠶᠢᠯᠠᠭᠠᠬᠰᠠᠨ ᠢᠶᠠᠷ᠂ ᠦᠬᠡᠷ ᠤᠨ ᠸᠢᠷᠦ᠋ᠰᠲᠤ ᠴᠢᠴᠠᠭ᠎ᠠ ᠠᠯᠲᠠᠬᠤ᠂ ᠦᠬᠡᠷ ᠤᠨ ᠬᠠᠯᠲᠠᠪᠤᠷᠢᠲᠦ ᠴᠢᠨᠠᠷᠲᠠᠢ ᠬᠠᠮᠠᠷ ᠮᠦᠭᠡᠷᠡᠰᠦᠨ ᠬᠤᠭᠤᠯᠠᠢ ᠶᠢᠨ ᠦᠷᠪᠢᠰᠦᠯ ᠪᠤᠯ ᠦᠬᠡᠷ ᠲᠡᠵᠢᠭᠡᠬᠦ ᠦᠢᠯᠡᠰ ᠢ ᠬᠠᠷᠰᠢᠯᠠᠵᠤ ᠪᠦᠬᠦᠢ ᠲᠡᠯᠡᠬᠡᠢ  ᠶᠢᠨ ᠬᠡᠪᠴᠢᠶᠡᠨ ᠳᠤ ᠲᠡᠯᠭᠡᠷᠡᠭᠰᠡᠨ ᠬᠤᠶᠠᠷ ᠵᠦᠢᠯ ᠤᠨ ᠲᠤᠮᠤ ᠬᠡᠵᠢᠭ ᠭᠡᠮ ᠪᠤᠯᠬᠤ ᠶᠤᠮ᠃ ᠡᠨᠡ ᠬᠤᠶᠠᠷ ᠵᠦᠢᠯ  ᠤᠨ ᠭᠡᠮ ᠬᠡᠵᠢᠭ ᠦᠬᠡᠷ ᠤᠨ ᠤᠷᠭᠠᠨᠢᠭ ᠪᠡᠶ᠎ᠡ ᠶᠢᠨ ᠬᠠᠯᠳᠠᠪᠤᠷᠢᠯᠠᠯ ᠢ ᠡᠰᠡᠷᠭᠦᠴᠡᠬᠦ ᠴᠢᠳᠠᠪᠤᠷᠢ ᠶᠢ ᠲᠤᠷᠦ᠋ᠢᠲᠠᠭᠤᠯᠵᠤ ᠂ ᠦᠬᠡᠷ ᠤᠨ ᠪᠡᠶ᠎ᠡ ᠳᠤ ᠬᠤᠤᠷ ᠠᠬᠤᠭᠤᠯᠤᠨ ᠬᠤᠤᠷ ᠲᠠᠷᠬᠠᠭᠠᠯᠭᠠᠵᠤ᠂ ᠦᠬᠡᠷ ᠲᠡᠵᠢᠭᠡᠬᠦ ᠦᠢᠯᠡᠰ ᠲᠤ ᠨᠢᠭᠤᠷᠲᠠᠬᠰᠠᠨ ︽ᠨᠢᠭᠤᠴᠠ ᠲᠡᠯᠪᠡᠷᠡᠬᠦ ᠪᠦᠮᠪᠦᠭᠡ︾ ᠪᠤᠯᠤᠬᠰᠠᠨ ᠪᠠᠶᠢᠨ᠎ᠠ᠃ ᠪᠦᠷᠢᠳᠭᠡᠯ ᠢᠶᠠᠷ᠂ ᠤᠶᠢᠷ᠎ᠠ ᠶᠢᠨ ᠭᠤᠷᠪᠠᠨ ᠵᠢᠯ ᠳᠤ ᠤᠯᠤᠰ ᠤ ᠲᠤᠲᠤᠭᠠᠳᠤᠬᠢ ᠦᠬᠡᠷ ᠤᠨ ᠸᠢᠷᠦ᠋ᠰᠲᠤ ᠴᠢᠴᠠᠭ᠎ᠠ ᠠᠯᠲᠠᠬᠤ᠂ ᠦᠬᠡᠷ  ᠤᠨ ᠬᠠᠯᠲᠠᠪᠤᠷᠢᠲᠦ ᠴᠢᠨᠠᠷᠲᠠᠢ ᠬᠠᠮᠠᠷ ᠮᠦᠭᠡᠷᠡᠰᠦᠨ ᠬᠤᠭᠤᠯᠠᠢ ᠶᠢᠨ ᠦᠷᠪᠢᠰᠦᠯ ᠬᠠᠯᠳᠠᠪᠤᠷᠢᠯᠠᠬᠤ ᠨᠤᠷᠮ᠎ᠠ 85%  ᠠᠴᠠ ᠲᠡᠭᠡᠭᠰᠢ ᠬᠦᠷᠴᠦ᠂ ᠵᠢᠯ ᠪᠦᠷᠢ ᠶᠢᠨ ᠬᠤᠬᠢᠷᠠᠯ 20 ᠳ᠋ᠦᠩᠰᠢᠭᠤᠷ ᠲᠦᠬᠦᠷᠢᠭ ᠠᠴᠠ ᠬᠡᠲᠦᠷᠡᠲᠡᠭ ᠪᠠᠶᠢᠨ᠎ᠠ᠃     ᠮᠠᠯ ᠠᠵᠤ ᠠᠬᠤᠢ ᠨᠢ ᠦᠪᠦᠷ ᠮᠤᠩᠭᠤᠯ ᠤᠨ ᠲᠤᠯᠭᠠᠭᠤᠷᠢ ᠠᠵᠤ ᠠᠬᠤᠶᠢᠯᠠᠯ ᠪᠤᠯᠤᠬᠰᠠᠨ ᠤ ᠬᠤᠪᠢ ᠳᠤ ᠤᠷᠤᠨ ᠨᠤᠲᠤᠭ ᠤᠨ ᠠᠵᠤ ᠠᠬᠤᠢ ᠶᠢᠨ ᠬᠦᠭᠵᠢᠯ ᠳᠤ ᠮᠠᠰᠢ ᠴᠢᠬᠤᠯᠠ ᠪᠠᠶᠢᠷᠢ ᠰᠠᠭᠤᠷᠢ ᠶᠢ ᠡᠵᠡᠯᠡᠲᠡᠭ᠃ ᠪᠦᠷᠢᠳᠭᠡᠯ ᠢᠶᠠᠷ ᠂ ᠡᠨᠡ ᠵᠢᠯ ᠤᠨ 6 ᠳ᠋ᠤᠭᠠᠷ ᠰᠠᠷ᠎ᠠ ᠶᠢᠨ ᠰᠡᠬᠦᠯᠴᠢ ᠶᠢᠨ ᠬᠠᠤᠯᠢ ᠶᠢᠨ ᠪᠦᠷᠢᠳᠭᠡᠯ ᠳᠤ ᠪᠦᠬᠦ ᠤᠷᠤᠨ ᠤ ᠦᠬᠡᠷ ᠤᠨ ᠵᠤᠬᠰᠤᠭ᠎ᠠ ᠲᠤᠭ᠎ᠠ 1055.2 ᠲᠦᠮᠡ ᠪᠤᠢ᠃ ᠬᠤᠶᠠᠷ ᠬᠤᠯᠪᠤᠭᠠᠳᠤ ᠸᠢᠷᠦ᠋ᠰ ᠢ ᠠᠷᠭᠠᠴᠠᠭᠠᠬᠤ ᠸᠠᠺᠽᠢᠨ ᠰᠤᠲᠤᠯᠵᠤ ᠭᠠᠷᠭᠠᠬᠰᠠᠨ ᠨᠢ ᠦᠪᠦᠷ ᠮᠤᠩᠭᠤᠯ ᠤᠷᠤᠨ ᠤ ᠮᠠᠯ ᠠᠵᠤ ᠠᠬᠤᠢ ᠶᠢᠨ ᠬᠦᠭᠵᠢᠯᠲᠡ ᠳᠤ ᠬᠠᠮᠠᠯᠠᠭᠠᠴᠢ ᠪᠠᠳᠤᠯᠠᠭᠠᠴᠢ ᠲᠠᠢ ᠪᠤᠯᠤᠬᠰᠠᠨ ᠪᠦᠭᠡᠳ ᠦᠬᠡᠷ ᠤᠨ ᠦᠷᠡᠵᠢᠯᠲᠡ ᠪᠤᠶᠢᠵᠢᠯᠲᠠ ᠪᠠᠷ ᠲᠠᠮᠵᠢᠵᠤ ᠮᠠᠯᠴᠢᠳ ᠲᠠᠷᠢᠶᠠᠴᠢᠳ ᠤᠨ ᠠᠵᠤ ᠠᠬᠤᠢ ᠶᠢᠨ ᠤᠷᠤᠯᠭ᠎ᠠ ᠶᠢ ᠨᠡᠮᠡᠭᠲᠡᠬᠦᠯᠬᠦ ᠳᠤ ᠨᠢᠭᠡ ᠮᠦᠷᠦᠨ ᠤ ᠬᠦᠴᠦᠨ ᠢ ᠡᠷᠬᠦᠬᠦ ᠪᠤᠯᠤᠨ᠎ᠠ᠃ ︵ᠦᠪᠣᠷ ᠮᠣᠩᠭᠤᠯ ᠤᠨ ᠡᠳᠣᠷ ᠤᠨ ᠰᠣᠨᠢᠨ ᠤ ᠰᠤᠷᠪᠤᠯᠵᠢᠯᠠᠬᠴᠢ ᠵᠤᠤ ᠨᠠ︶http://mongol.people.com.cn/15823661.html
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号