ᠬᠠᠮᠤᠭ ᠤᠨ ᠰᠢᠨ᠎ᠡ ᠮᠡᠳᠡᠭᠳᠡᠯ︕ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠦᠬᠦ ᠲᠠᠯ᠎ᠠ ᠪᠠᠷ ᠠᠷᠢᠭᠤᠳᠬᠠᠬᠤ ᠠᠵᠢᠯ ᠤᠨ ᠲᠥᠰᠦᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2020/11/16
   ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ    ᠪᠦᠬᠦ ᠲᠠᠯ᠎ᠠ ᠪᠠᠷ ᠠᠷᠢᠭᠤᠳᠬᠠᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ                    ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ          ᠶᠡᠷᠦᠩᠬᠡᠶᠢᠯᠡᠭᠰᠡᠨ ᠲᠠᠷᠬᠠᠭᠠᠭᠰᠠᠨ ︹2020 ︺ 255 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ︵ᠤᠳᠤᠷᠢᠳᠬᠤ ᠳᠤᠭᠤᠶᠢᠯᠠᠩ᠂ ᠵᠢᠯᠣᠭᠤᠳᠬᠤ ᠭᠠᠵᠠᠷ︶᠄    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠴᠢᠩᠭᠠᠳᠬᠠᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢᠶᠠᠷ ᠳᠠᠮᠵᠢᠨ ᠬᠠᠯᠳᠠᠪᠤᠷᠢᠯᠠᠨ ᠣᠷᠣᠵᠤ ᠢᠷᠡᠬᠦ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠬᠦ ᠶᠢᠨ ᠲᠤᠰᠠᠳᠠ᠂ ᠪᠣᠭᠤᠮᠲᠠ ᠶᠢᠨ ᠶᠡᠷᠦᠩᠬᠡᠶ ᠵᠠᠬᠢᠷᠭ᠎ᠠ ᠠᠴᠠ ᠵᠠᠮ ᠲᠡᠭᠡᠭᠡᠪᠦᠷᠢ ᠶᠢᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ︽ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠪᠥᠬᠦ ᠲᠠᠯ᠎ᠠ ᠪᠠᠷ ᠠᠷᠢᠭᠤᠳᠬᠠᠬᠤ ᠠᠵᠢᠯ ᠤᠨ ᠲᠥᠰᠦᠯ︾ ᠢ ᠰᠤᠳᠤᠯᠤᠨ ᠲᠣᠭᠲᠠᠭᠠᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠠᠷ ᠨᠢᠭᠡᠨᠲᠡ ᠵᠥᠪᠰᠢᠶᠡᠷᠡᠭᠦᠯᠪᠡ᠃ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ        ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ        ᠶᠡᠷᠦᠩᠬᠡᠶᠢᠯᠡᠭᠰᠡᠨ ᠳᠤᠭᠤᠶᠢᠯᠠᠩ                              2020 ᠣᠨ ᠤ 11 ᠳ᠋ᠦ᠋ᠭᠡᠷ ᠰᠠᠷ᠎ᠠ ᠶᠢᠨ 8 ᠤ ᠡᠳᠦᠷ ︵ᠮᠡᠳᠡᠭᠡ ᠵᠠᠩᠭᠢ ᠶᠢ ᠢᠯᠡ ᠪᠣᠯᠭᠠᠬᠤ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠣᠯᠭᠠᠨ᠎ᠠ︶ http://www.gov.cn/xinwen/2020-11/09/content_5559179.htm
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号