ᠮᠠᠰᠢᠨ ᠲᠡᠷᠭᠡᠨ ᠤ ᠳᠠᠩᠰᠠᠯᠠᠯ ᠪᠦᠷᠢᠳᠭᠡᠯ ᠢᠶᠠᠨ ᠬᠤᠪᠢᠷᠠᠭᠤᠯᠬᠤ ᠲᠣᠬᠠᠶᠢᠯᠠᠭᠰᠠᠨ ᠠᠵᠢᠯ ᠢ  ᠭᠦᠢᠴᠡᠳᠬᠡᠬᠦ ᠵᠥᠭᠯᠡᠭᠦᠷ
ᠨᠡᠶᠢᠲᠡᠯᠡᠭᠰᠡᠨ ᠴᠠᠭ᠄
2020/12/10
     ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄ ᠮᠠᠰᠢᠨ ᠲᠡᠷᠭᠡᠨ ᠤ ᠦᠮᠴᠢᠯᠡᠭᠴᠢ ᠶᠢᠨ ᠣᠪᠣᠭ ᠨᠡᠷ᠎ᠡ  ︵ᠨᠢᠭᠡᠴᠡ ᠶᠢᠨ ᠨᠡᠷᠡᠶᠢᠳᠦᠯ︶ ᠶᠢ ᠬᠤᠪᠢᠷᠠᠭᠤᠯᠬᠤ᠂ ᠠᠯᠪᠠᠨ ᠲᠠᠮᠠᠭ᠎ᠠ ᠶᠢᠨ ᠶᠠᠩᠵᠤ ᠬᠡᠯᠪᠡᠷᠢ ᠶᠢ ᠬᠤᠪᠢᠷᠠᠭᠤᠯᠬᠤ᠂  ᠬᠠᠷᠢᠯᠴᠠᠬᠤ ᠬᠡᠯᠪᠡᠷᠢ ᠪᠠᠨ ᠬᠤᠪᠢᠷᠠᠭᠤᠯᠬᠤ᠂ ᠮᠠᠰᠢᠨ ᠲᠡᠷᠭᠡ ᠶᠢᠨ ᠦᠮᠴᠢᠯᠡᠭᠴᠢ ᠶᠢᠨ ᠪᠡᠶ᠎ᠡ ᠶᠢᠨ ᠭᠡᠷᠡᠴᠢ ᠶᠢᠨ  ᠨᠣᠮᠧᠷ ᠢ ᠬᠤᠪᠢᠷᠠᠭᠤᠯᠬᠤ᠃              ᠬᠤᠶᠠᠷ᠂ ᠲᠣᠰᠢᠶᠠᠬᠤ ᠮᠠᠲ᠋ᠧᠷᠢᠶᠠᠯ᠄             1᠂ ᠬᠤᠪᠢᠷᠠᠭᠤᠯᠣᠭᠰᠠᠨ ᠤ ᠳᠠᠷᠠᠭᠠᠬᠢ ᠮᠠᠰᠢᠨ ᠲᠡᠷᠭᠡᠨ ᠤ ᠦᠮᠴᠢᠯᠡᠭᠴᠢ ᠶᠢᠨ ᠪᠡᠶ᠎ᠡ ᠶᠢᠨ ᠭᠡᠷᠡᠴᠢ ᠂  ᠭᠠᠷᠳᠠᠨ ᠭᠦᠢᠴᠡᠳᠬᠡᠭᠴᠢ ᠶᠢᠨ ᠪᠡᠶ᠎ᠡ ᠶᠢᠨ ᠭᠡᠷᠡᠴᠢ ᠶᠢᠨ ᠬᠠᠭᠤᠯᠪᠤᠷᠢ ︵A4 ᠴᠠᠭᠠᠰᠤ︶᠃ ︵ᠬᠤᠪᠢ ᠬᠥᠮᠥᠨ᠄  ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠠᠩᠰᠠ︔ ᠨᠢᠭᠡᠴᠡ᠄ ᠪᠠᠶᠢᠭᠤᠯᠤᠮᠵᠢ ᠶᠢᠨ ᠣᠷᠣᠯᠠᠬᠤ ᠨᠣᠮᠧᠷ ᠤᠨ  ᠦᠨᠡᠮᠯᠡᠯ︔ ᠲᠤᠰ ᠬᠤᠲᠠ ᠶᠢᠨ ᠪᠣᠰᠤ ᠬᠥᠮᠥᠰ ᠪᠣᠯ ︽ᠲᠦᠷ ᠰᠠᠭᠤᠬᠤ ᠭᠡᠷᠡᠴᠢ︾ ᠶᠢ ᠲᠤᠰᠢᠶᠠᠨ᠎ᠠ᠃︶             2᠂ ᠬᠤᠯᠪᠣᠭᠳᠠᠯ ᠪᠦᠬᠦᠢ ᠨᠢᠭᠡᠴᠡ ᠶᠢᠨ ᠬᠢᠵᠦ ᠥᠭᠭᠦᠭᠰᠡᠨ ᠬᠠᠤᠯᠢ ᠪᠠᠷ ᠲᠣᠭᠲᠠᠭᠠᠭᠰᠠᠨ ᠬᠥᠴᠦᠨ  ᠪᠦᠬᠦᠢ ᠭᠡᠷᠡᠴᠢ᠃             3᠂ ᠮᠠᠰᠢᠨ ᠲᠡᠷᠭᠡᠨ ᠤ ᠪᠦᠷᠢᠳᠬᠡᠯ ᠤᠨ ᠦᠨᠡᠮᠯᠡᠯ᠃             4᠂ ︽ᠮᠠᠰᠢᠨ ᠲᠡᠷᠭᠡᠨ ᠤ ᠳᠠᠩᠰᠠᠯᠠᠯ ᠢᠶᠠᠨ ᠬᠤᠪᠢᠷᠠᠭᠤᠯᠬᠤ ᠭᠤᠶᠤᠴᠢᠯᠠᠯ ᠤᠨ ᠬᠦᠰᠦᠨᠦᠭᠲᠦ︾᠂  ︽ᠮᠠᠰᠢᠨ ᠲᠡᠷᠭᠡᠨ ᠤ ᠪᠦᠷᠢᠳᠬᠡᠯ ᠤᠨ ᠲᠣᠬᠠᠶᠢᠯᠠᠭᠰᠠᠨ ᠠᠵᠢᠯ ᠤᠨ ᠴᠤᠪᠤᠷᠠᠯ ᠬᠠᠭᠤᠳᠠᠰᠤ︾᠃  ︵ᠠᠯᠪᠠᠨ ᠤ ᠮᠠᠰᠢᠨ ᠲᠡᠷᠭᠡ᠄ ᠨᠢᠭᠡᠴᠡ ᠠᠯᠪᠠᠨ ᠲᠠᠮᠠᠭ᠎ᠠ ᠪᠠᠨ ᠳᠠᠷᠣᠨ᠎ᠠ︔ ᠬᠤᠪᠢ ᠶᠢᠨ ᠮᠠᠰᠢᠨ ᠲᠡᠷᠭᠡ᠄  ᠭᠠᠷ ᠤᠨ ᠢᠶᠠᠨ ᠦᠰᠦᠭ ᠵᠢᠷᠣᠨ᠎ᠠ︶               ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠬᠦ            1᠂ ᠬᠤᠪᠢ ᠶᠢᠨ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠠᠯᠪᠠᠨ ᠭᠡᠷᠡᠴᠢᠯᠡᠭᠡ ᠬᠢᠯᠭᠡᠭᠰᠡᠨ  ᠨᠠᠶᠢᠳᠠᠯᠭ᠎ᠠ ᠶᠢᠨ ᠪᠢᠴᠢᠭ᠂ ᠬᠤᠶᠠᠷ ᠡᠲᠡᠭᠡᠳ ᠤᠨ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ  ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃            2᠂ ᠠᠯᠪᠠᠨ ᠤ ᠮᠠᠰᠢᠨ ᠲᠡᠷᠭᠡ᠄ ᠣᠷᠣᠯᠠᠨ ᠭᠦᠢᠴᠡᠳᠬᠡᠭᠴᠢ ᠨᠢ ᠨᠢᠭᠡᠴᠡ ᠶᠢᠨ ᠢᠶᠠᠨ ᠲᠠᠨᠢᠯᠴᠠᠭᠤᠯᠭ᠎ᠠ ᠶᠢᠨ  ᠪᠢᠴᠢᠭ᠂ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠬᠠᠭᠤᠯᠪᠤᠷᠢ᠂ ︽ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃            3᠂ ᠬᠠᠨᠢ ᠨᠥᠬᠦᠷ ᠤᠨ ᠬᠠᠷᠢᠴᠠᠭ᠎ᠠ ᠲᠠᠢ ᠪᠣᠯ ︽ᠣᠷᠤᠭ ᠤᠨ ᠦᠨᠡᠮᠯᠡᠯ︾᠂ ᠬᠤᠶᠠᠷ ᠡᠲᠡᠭᠡᠳ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠵᠢᠴᠢ ᠬᠠᠭᠤᠯᠪᠤᠷᠢ ᠶᠢ ᠲᠤᠰᠢᠶᠠᠨ᠎ᠠ᠃            4᠂ ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ  ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ᠬᠤᠶᠠᠷ ᠡᠲᠡᠭᠡᠳ ᠤᠨ ︽ᠰᠠᠭᠤᠭᠠᠯᠢ  ᠠᠷᠠᠳ ᠤᠨ ᠪᠡᠶ᠎ᠡ ᠶᠢᠨ ᠦᠨᠡᠮᠯᠡᠯ︾ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃
 
ᠢᠷᠡᠯᠲᠡ᠄ ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号