ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2020/12/11
   ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ 2020 ᠣᠨ ᠤ 10 ᠰᠠᠷ᠎ᠠ ᠶᠢᠨ 26 ᠤ ᠡᠳᠦᠷ ᠠᠴᠠ 29 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃
 
       ᠡᠨᠡ ᠤᠳᠠᠭ᠎ᠠ ᠶᠢᠨ ᠪᠥᠬᠦᠳᠡ ᠬᠤᠷᠠᠯ ᠳᠤ᠂ ᠲᠥᠪ ᠬᠤᠷᠢᠶᠠᠨ ᠤ ᠭᠡᠰᠢᠭᠦᠨ 198 ᠬᠥᠮᠦᠨ᠂ ᠲᠥᠪ ᠬᠤᠷᠢᠶᠠᠨ ᠤ ᠣᠷᠣᠯᠠᠭᠴᠢ ᠭᠡᠰᠢᠭᠦᠨ 166 ᠬᠥᠮᠦᠨ ᠣᠷᠣᠯᠴᠠᠪᠠ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ ᠪᠣᠯᠤᠨ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠥᠯᠥᠭᠡᠯᠡᠭᠴᠢ ᠶᠢᠨ ᠳᠣᠲᠣᠷᠠᠬᠢ ᠦᠨᠳᠦᠰᠦᠨ ᠱᠠᠲᠤᠨ ᠤ ᠬᠡᠰᠡᠭ ᠨᠥᠬᠦᠳ ᠪᠤᠯᠤᠨ ᠲᠤᠰᠬᠠᠶ ᠮᠡᠷᠭᠡᠵᠢᠯᠲᠡᠨ ᠡᠷᠳᠡᠮᠲᠡᠨ ᠪᠠᠰᠠ ᠬᠤᠷᠠᠯ ᠳᠤ ᠰᠤᠯᠠ ᠣᠷᠣᠯᠴᠠᠵᠢ᠃     ᠪᠥᠬᠦᠳᠡ ᠬᠤᠷᠠᠯ ᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠡᠷᠬᠢᠯᠡᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠠᠢ᠃    ᠪᠥᠬᠦᠳᠡ ᠬᠤᠷᠠᠯ ᠠᠴᠠ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠨᠠᠶᠢᠳᠠᠯᠭ᠎ᠠ ᠪᠠᠷ ᠬᠢᠭᠰᠡᠨ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ︾ ᠶᠢ ᠬᠢᠨᠠᠨ ᠵᠦᠪᠯᠡᠵᠥ ᠪᠠᠲᠤᠯᠠᠪᠠ᠃ ᠰᠢ ᠶᠢᠨ ᠫᠢᠩ ︽ᠰᠠᠨᠠᠭᠤᠯᠭ᠎ᠠ ︵ᠶᠠᠷᠢᠯᠴᠠᠬᠤ ᠨᠣᠤᠷᠠᠭ︶︾ ᠶᠢᠨ ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠠ᠃
 
       ᠪᠥᠬᠦᠳᠡ ᠬᠤᠷᠠᠯ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠨᠠᠭᠠᠰᠢᠬᠢ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠵᠢᠯ ᠢ ᠭᠦᠢᠴᠡᠳ ᠨᠤᠲᠠᠯᠠᠪᠠ᠃ ᠨᠢᠭᠡ ᠵᠢᠯ ᠤᠨ ᠲᠤᠷᠰᠢ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠥ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠬᠦᠯᠤᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠪᠦᠭᠡᠳ ᠡᠷᠴᠢᠮᠳᠠᠢ ᠠᠷᠭᠠᠴᠠᠭᠠᠨ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠵᠢᠬᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠰᠠᠭᠤᠷᠢ ᠴᠡᠭ ᠢ ᠡᠵᠡᠮᠳᠡᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠷᠸ᠎ᠠ ᠲᠥᠷᠥ ᠶᠢᠨ ᠪᠣᠳᠣᠯᠭ᠎ᠠ ᠪᠠᠷ ᠠᠷᠭᠠᠴᠠᠭᠠᠬᠤ ᠡᠷᠴᠢᠮ ᠢᠶᠠᠨ ᠴᠢᠩᠭᠠᠷᠠᠭᠤᠯᠤᠨ᠂ ︽ᠵᠢᠷᠭᠤᠭ᠎ᠠ ᠶᠢ ᠳᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠯᠠᠪᠳᠠᠭᠤᠨ ᠪᠠᠲᠤᠲᠠᠶ ᠠᠬᠢᠵᠤ᠂ ᠠᠵᠤ ᠠᠬᠤᠢ ᠶᠢᠨ ᠨᠡᠮᠡᠭᠳᠡᠯ ᠵᠢᠱᠢᠯᠲᠡ ᠠᠴᠠ ᠰᠠᠶᠢᠨ ᠪᠠᠶᠢᠵᠤ᠂ ᠠᠷᠠᠳ ᠤᠨ ᠠᠮᠢᠳᠤᠷᠠᠯ ᠢ ᠬᠦᠴᠦᠲᠡᠶ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠤᠮᠤ ᠤᠯᠤᠰ ᠤᠨ ᠭᠠᠳᠠᠭᠠᠳᠤ ᠬᠠᠷᠢᠯᠴᠠᠭ᠎ᠠ ᠢᠳᠡᠪᠬᠢᠲᠡᠶ ᠠᠬᠢᠵᠤ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠤᠯᠵᠠᠢ ᠬᠡᠵᠥ ᠰᠠᠨᠠᠯ ᠨᠢᠬᠡᠳᠡᠢ ᠦᠵᠡᠪᠡ᠃    ᠪᠥᠬᠦᠳᠡ ᠬᠤᠷᠠᠯ ᠠᠴᠠ᠂ ᠨᠠᠷᠢᠨ ᠪᠤᠳᠤᠯᠢᠶᠠᠨᠲᠠᠶ ᠳᠡᠯᠡᠬᠡᠢ ᠶᠢᠨ ᠪᠠᠶᠢᠳᠠᠯ᠂ ᠬᠠᠲᠠᠭᠤ ᠪᠡᠷᠬᠡ ᠪᠥᠭᠡᠳ ᠨᠦᠰᠡᠷ ᠬᠦᠨᠳᠦ ᠪᠠᠶᠢᠭ᠎ᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠣᠨᠴᠠᠭᠠᠶᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠶᠢᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠨᠠᠮ ᠪᠠ ᠤᠯᠤᠰ ᠤᠨ ᠡᠯ᠎ᠡ ᠵᠦᠢᠯ ᠤᠨ ᠠᠵᠢᠯ ᠦᠢᠯᠡᠰ ᠢ ᠬᠦᠴᠦᠯᠡᠨ ᠠᠬᠢᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠢᠯᠠᠨ ᠳᠠᠪᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠥᠯᠭᠡ ᠣᠩᠭᠤᠴᠠ ᠦᠷᠭᠦᠯᠵᠢᠯᠡᠨ ᠰᠠᠯᠬᠢ ᠳᠠᠪᠠᠯᠭᠠᠨ ᠢ ᠵᠦᠰᠦᠨ᠂ ᠡᠷᠡᠰ ᠰᠢᠭᠤᠷᠬᠠᠶ ᠪᠠᠷ ᠤᠷᠤᠭᠰᠢᠯᠠᠪᠠ᠃ ᠰᠢ ᠶᠢᠨ ᠫᠢᠩ ᠨᠥᠬᠦᠷ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠪᠤᠯᠵᠤ ᠠᠶᠠᠯᠠᠯ ᠵᠠᠮᠴᠢᠯᠠᠨ ᠴᠢᠭᠯᠡᠯ ᠢ ᠡᠵᠡᠮᠳᠡᠨ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠰᠢᠷᠭᠠᠭᠤ ᠬᠠᠲᠠᠭᠤᠵᠢᠯᠲᠠᠶ ᠲᠡᠮᠡᠴᠡᠪᠡᠯ᠂ ᠪᠢᠳᠡ ᠯᠠᠪᠲᠠᠶ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠯᠠᠪᠳᠠᠢ ᠨᠡᠩ ᠡᠷᠴᠢᠮᠳᠠᠢ ᠲᠦᠯᠬᠢᠨ ᠤᠷᠤᠭᠰᠢᠯᠠᠭᠤᠯᠵᠤ ᠴᠢᠳᠠᠬᠤ ᠶᠢ ᠦᠢᠯᠡᠳᠦᠯᠭᠡ ᠳᠠᠬᠢᠨᠲᠠ ᠭᠡᠷᠡᠴᠢᠯᠡᠵᠠᠢ ᠬᠡᠵᠥ ᠰᠠᠨᠠᠯ ᠨᠢᠬᠡᠳᠡᠢ ᠦᠵᠡᠪᠡ᠃    ᠪᠥᠬᠦᠳᠡ ᠬᠤᠷᠠᠯ ᠠᠴᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠤ ᠢᠯᠠᠯᠲᠠ ᠶᠢ ᠤᠯᠬᠤ ᠲᠠᠯ᠎ᠠ ᠪᠠᠷ ᠣᠯᠤᠭᠰᠠᠨ ᠰᠢᠢᠳᠪᠦᠷᠢᠯᠡᠭᠴᠢ ᠴᠢᠨᠠᠷᠲᠠᠶ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠴᠢᠬᠤᠯᠠ ᠶᠡᠭᠡ ᠠᠬᠢᠴᠠ ᠲᠠᠢ ᠪᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠣᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠲᠦᠷᠭᠡᠨ ᠠᠬᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠳᠠᠪᠠᠭᠤᠯᠢᠭ ᠤᠯᠠᠮ ᠨᠢᠭᠡ ᠠᠯᠬᠤᠮ ᠢᠯᠡᠷᠡᠪᠡ︔ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠰᠢᠨ᠎ᠡ ᠶᠡᠭᠡ ᠳᠡᠭᠲᠡᠷ ᠲᠤ ᠭᠠᠷᠴᠤ᠂ ᠠᠵᠤ ᠠᠬᠤᠶ ᠶᠢᠨ ᠡᠷᠬᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠠᠵᠤ ᠠᠬᠤᠶ ᠶᠢᠨ ᠪᠦᠲᠦᠴᠡ ᠦᠷᠭᠦᠯᠵᠢᠯᠡᠨ ᠰᠢᠯᠢᠳᠡᠭᠵᠢᠵᠦ᠂ ᠵᠢᠱᠢᠯᠲᠡ ᠪᠠᠷ 2020 ᠣᠨ ᠳᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ 100 ᠲᠦᠮᠡᠨ ᠳ᠋ᠦᠩᠰᠢᠭᠤᠷ ᠲᠥᠭᠦᠷᠢᠭ ᠢ ᠳᠠᠪᠠᠭ᠋ᠤ ᠪᠤᠯᠤᠨ᠎ᠠ︔ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠬᠥᠳᠡᠭᠡ ᠲᠣᠰᠬᠤᠨ ᠤ ᠲᠠᠪᠤᠨ ᠮᠢᠩᠭ᠎ᠠ ᠲᠠᠪᠤᠨ ᠵᠠᠭᠤ ᠲᠠᠯᠠᠨ ᠲᠠᠪᠤᠨ ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠠᠳᠠᠭᠤ ᠠᠴᠠ ᠠᠩᠭᠢᠵᠢᠷᠠᠪᠠ ︔ ᠠᠮᠤ ᠪᠤᠳᠠᠭᠠᠨ ᠤ ᠤᠨᠠᠯᠲᠠ ᠲᠠᠪᠤᠨ ᠵᠢᠯ ᠳᠠᠷᠠᠭᠠᠯᠠᠨ ᠲᠦᠮᠡ ᠭᠤᠷᠪᠠᠨ ᠮᠢᠩᠭᠠᠨ ᠳ᠋ᠦᠩᠰᠢᠭᠤᠷ ᠵᠢᠩ ᠢ ᠳᠠᠪᠠᠪᠠ︔ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠴᠢᠩᠭᠠᠷᠠᠵᠤ᠂ ᠠᠮᠢ ᠠᠬᠤᠶ ᠣᠷᠴᠢᠨ ᠳᠤᠭᠤᠷᠢᠨ ᠢᠯᠡᠳᠲᠡ  ᠰᠠᠶᠢᠵᠢᠷᠠᠪᠠ︔ ᠭᠠᠳᠠᠭᠠᠳᠤ ᠨᠡᠭᠡᠭᠡᠯᠲᠡ ᠦᠷᠭᠦᠯᠵᠢᠯᠡᠨ ᠥᠷᠭᠡᠳᠴᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠪᠠᠶᠠᠯᠢᠭ ᠦᠷ᠎ᠡ ᠪᠦᠲᠦᠭᠡᠯ ᠤᠯᠪᠠ︔ ᠠᠷᠠᠳ ᠤᠨ ᠠᠮᠢᠳᠤᠷᠠᠯ ᠤᠨ ᠲᠦᠪᠰᠢᠨ ᠢᠯᠡᠳᠲᠡ ᠳᠡᠭᠡᠭᠰᠢᠯᠡᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠲᠦᠭᠡᠮᠡᠯᠵᠢᠬᠦ ᠱᠠᠲᠤᠨ ᠳᠤ ᠣᠷᠣᠵᠤ᠂ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠤᠭᠰᠠᠨ ᠬᠥᠮᠦᠨ ᠵᠢᠷᠭᠤᠭᠠᠨ ᠮᠢᠩᠭᠠᠨ ᠲᠦᠮᠡ ᠶᠢ ᠳᠠᠪᠠᠵᠤ᠂ ᠳᠡᠯᠡᠬᠡᠶ ᠳᠡᠬᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠤᠨ᠂ ᠦᠨᠳᠦᠰᠦᠨ‌ᠡᠮ ᠡᠮᠴᠢᠯᠡᠭᠡᠨ ᠤ ᠳᠠᠭᠠᠳᠬᠠᠯ 13 ᠳ᠋ᠦᠩᠰᠢᠭᠤᠷ ᠭᠠᠷᠤᠢ ᠬᠥᠮᠦᠨ ᠢ ᠬᠠᠮᠤᠷᠴᠤ᠂ ᠦᠨᠳᠦᠰᠦᠨ ᠨᠠᠰᠤᠵᠢᠯ ᠤᠨ ᠳᠠᠭᠠᠳᠬᠠᠯ 10 ᠳ᠋ᠦᠩᠰᠢᠭᠤᠷ ᠰᠢᠬᠠᠮ ᠬᠥᠮᠦᠨ ᠢ ᠬᠠᠮᠤᠷᠴᠤ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠲᠦᠭᠡᠯ ᠤᠯᠪᠠ︔ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠴᠡᠴᠡᠭᠯᠡᠨ ᠬᠥᠭᠵᠢᠪᠡ︔ ᠤᠯᠤᠰ ᠤᠨ  ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠶᠡᠭᠡ ᠪᠠᠷ ᠳᠡᠭᠡᠭᠰᠢᠯᠡᠵᠦ᠂ ᠴᠡᠷᠢᠭ ᠠᠩᠬᠢ ᠶᠢᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠪᠠ︔ ᠤᠯᠤᠰ ᠤᠨ ᠠᠮᠤᠷ ᠲᠦᠪᠰᠢᠨ ᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠡᠶ᠎ᠡ ᠵᠤᠬᠢᠴᠠᠩᠭᠤᠢ ᠲᠣᠭᠲᠠᠭᠤᠨ ᠪᠠᠶᠢᠳᠠᠯ ᠢᠶᠠᠨ ᠪᠠᠲᠤᠯᠠᠪᠠ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠤᠳᠠᠯ ᠦᠭᠡᠢ ᠪᠡᠶᠡᠯᠡᠭᠳᠡᠬᠦ ᠪᠠᠷ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠠᠮᠵᠢᠯᠲᠠ ᠣᠯᠤᠮᠠᠷ ᠪᠤᠯᠵᠥ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠤᠷᠤᠭᠰᠢ ᠪᠠᠨ ᠨᠢᠭᠡ ᠶᠡᠭᠡ ᠰᠢᠨ᠎ᠠ ᠠᠯᠬᠤᠮ ᠠᠬᠢᠵᠤ᠂ ᠨᠡᠶᠢᠭᠡᠮ ᠵᠢᠷᠤᠮᠲᠤ ᠳᠤᠮᠳᠠᠳᠤ ᠤᠯᠤᠰ ᠨᠡᠩ ᠠᠤᠭ᠎ᠠ ᠰᠦᠷᠯᠢᠭ ᠳᠦᠷᠢ ᠲᠥᠷᠬᠦ ᠪᠠᠷ ᠳᠡᠯᠡᠬᠡᠢ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠠᠢ ᠭᠡᠪᠡ᠃    ᠪᠥᠬᠦᠳᠡ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠢᠭᠡ ᠯᠡ ᠠᠮᠢᠰᠬᠤᠭ᠎ᠠ ᠪᠠᠷ ᠴᠢᠷᠮᠠᠶᠢᠨ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠦᠨᠡᠨ ᠬᠦ ᠪᠠᠲᠤᠯᠠᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠨᠡᠶᠢᠭᠡᠮ ᠵᠢᠷᠤᠮᠳᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ ᠬᠡᠵᠥ ᠴᠢᠬᠤᠯᠠᠴᠢᠯᠠᠪᠠ᠃    ᠪᠥᠬᠦᠳᠡ ᠬᠤᠷᠠᠯ ᠠᠴᠠ ᠮᠠᠨ ᠤ ᠤᠯᠤᠰ ᠤᠨ ᠬᠥᠭᠵᠢᠯᠲᠡ ᠶᠢᠨ ᠣᠷᠴᠢᠨ ᠲᠣᠭᠤᠷᠢᠨ ᠳᠤ ᠲᠤᠯᠭᠠᠷᠠᠵᠤ ᠪᠠᠶᠢᠭ᠎ᠠ ᠭᠦᠨ ᠭᠦᠨᠵᠡᠭᠡᠶ ᠨᠠᠷᠢᠨ ᠪᠤᠳᠤᠯᠢᠶᠠᠨᠲᠠᠶ ᠬᠤᠪᠢᠷᠠᠯᠲᠠ ᠶᠢ ᠭᠦᠨᠵᠡᠭᠡᠶ ᠵᠠᠳᠠᠯᠵᠤ᠂ ᠣᠳᠣᠬᠠᠨ ᠪᠠ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠮᠠᠨ ᠤ ᠤᠯᠤᠰ ᠤᠨ ᠬᠥᠭᠵᠢᠯᠲᠡ ᠮᠥᠨ ᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠠᠵᠠ ᠲᠤᠬᠢᠶᠠᠯᠳᠤ ᠬᠤᠭᠤᠴᠠᠭᠠᠨ ᠳᠤ ᠣᠷᠣᠰᠢᠨ᠎ᠠ᠂ ᠭᠡᠪᠡᠴᠦ ᠠᠵᠠ ᠲᠣᠬᠢᠶᠠᠯ ᠪᠠ ᠥᠷᠢᠰᠥᠯᠳᠦᠭᠡᠨ ᠳᠤ ᠴᠥᠮ ᠰᠢᠨ᠎ᠡ ᠬᠥᠭᠵᠢᠯᠲᠡ ᠬᠤᠪᠢᠷᠠᠯᠲᠠ ᠲᠠᠢ᠃ ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠦᠭᠵᠢᠵᠦ᠂ ᠣᠯᠠᠨ ᠤᠯᠤᠰ ᠤᠨ ᠬᠦᠴᠦᠨ ᠤ ᠬᠠᠷᠢᠴᠠᠯ ᠳᠤ ᠭᠦᠨᠵᠡᠭᠡᠢ ᠳᠤᠬᠢᠷᠠᠭᠤᠯᠤᠯᠳᠠ ᠡᠭᠦᠰᠴᠤ᠂ ᠡᠩᠬᠡ ᠲᠠᠶᠢᠪᠤᠩ ᠪᠠ ᠬᠥᠭᠵᠢᠯᠲᠡ ᠮᠥᠨ ᠬᠦ ᠴᠠᠭ ᠦᠶ᠎ᠡ ᠶᠢᠨ ᠭᠤᠣᠯ ᠰᠡᠳᠦᠪ ᠪᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠭᠦᠨ ᠬᠠᠳᠠᠩᠰᠢᠬᠤ ᠶᠢᠨ ᠬᠠᠮᠲᠤ ᠤᠯᠠᠨ ᠤᠯᠤᠰ ᠤᠨ ᠣᠷᠴᠢᠨ ᠡᠳᠦᠷ ᠢᠷᠡᠬᠦᠶ᠎ᠡ ᠪᠤᠳᠤᠯᠢᠶᠠᠨᠲᠠᠶ ᠪᠤᠯᠵᠤ᠂ ᠳᠤᠭᠳᠠᠭᠤᠨ ᠪᠤᠰᠤ ᠴᠢᠨᠠᠷ ᠳᠤᠳᠤᠷᠬᠠᠢ ᠦᠭᠡᠢ ᠴᠢᠨᠠᠷ ᠢᠯᠡᠳᠲᠡ ᠨᠡᠮᠡᠭᠳᠡᠪᠡ᠃ ᠮᠠᠨ ᠤ ᠤᠯᠤᠰ ᠨᠢᠭᠡᠨᠲᠡ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠰᠢᠯᠵᠢᠵᠦ᠂ ᠪᠠᠶᠢᠭᠤᠯᠤᠯ ᠤᠨ ᠳᠠᠪᠠᠭᠤᠯᠢᠭ ᠢᠯᠡᠷᠬᠡᠢ ᠪᠣᠯᠵᠤ᠂ ᠵᠠᠰᠠᠯᠲᠠ ᠶᠢᠨ ᠦᠷ᠎ᠡ  ᠪᠦᠲᠦᠮᠵᠢ ᠳᠡᠭᠡᠭᠰᠢᠯᠡᠵᠤ᠂ ᠠᠵᠤ ᠠᠬᠤᠶ ᠤᠷᠲᠤ ᠬᠤᠭᠤᠴᠠᠭ᠎ᠠ ᠪᠠᠷ ᠰᠠᠶᠢᠵᠢᠷᠠᠵᠤ᠂ ᠪᠣᠳᠠᠰ ᠤᠨ ᠰᠠᠭᠤᠷᠢ ᠵᠤᠵᠠᠭᠠᠨ᠂ ᠬᠥᠮᠦᠨ ᠤ ᠬᠦᠴᠦᠨ ᠤ ᠡᠬᠢ ᠪᠠᠶᠠᠯᠢᠭ ᠡᠯᠪᠡᠭ᠂ ᠵᠠᠬ᠎ᠠ ᠳᠡᠯᠭᠡᠭᠦᠷ ᠤᠨ ᠣᠷᠣᠨ ᠵᠠᠶ ᠦᠷᠭᠡᠨ ᠠᠭᠤᠳᠠᠮ᠂ ᠬᠥᠭᠵᠢᠯᠲᠡ ᠶᠢᠨ ᠤᠶᠠᠨ ᠬᠠᠳᠠᠨ ᠴᠢᠨᠠᠷ ᠴᠢᠩᠭ᠎ᠠ ᠂ ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠠᠶᠢᠵᠤ᠂ ᠦᠷᠭᠦᠯᠵᠢᠯᠡᠨ ᠬᠥᠭᠵᠢᠬᠦ ᠳᠤ ᠣᠯᠠᠨ ᠲᠠᠯ᠎ᠠ ᠶᠢᠨ ᠳᠠᠪᠠᠭᠤᠯᠢᠭ ᠪᠠ ᠨᠥᠬᠦᠴᠡᠯ ᠲᠠᠢ ᠪᠠᠶᠢᠬᠤ ᠶᠢᠨ ᠵᠡᠷᠭᠡ ᠪᠠᠷ ᠮᠠᠨ ᠤ ᠤᠯᠤᠰ ᠤᠨ ᠬᠥᠭᠵᠢᠯᠲᠡ ᠲᠡᠩᠴᠡᠭᠦᠷᠢ ᠦᠭᠡᠶ ᠭᠦᠢᠴᠡᠳ ᠪᠤᠰᠤ ᠪᠠᠶᠢᠬᠤ ᠠᠰᠠᠭᠤᠳᠠᠯ ᠮᠥᠨ ᠬᠦ ᠳᠣᠪᠤᠶᠢᠮ᠎ᠠ ᠪᠠᠶᠢᠭᠰᠠᠭᠠᠷ᠂ ᠭᠤᠣᠯᠳᠠᠯᠭ᠎ᠠ ᠲᠠᠢ ᠬᠦᠷᠢᠶᠡᠨ ᠤ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢᠨ ᠡᠭᠦᠷᠭᠡ ᠮᠥᠨ ᠬᠦ ᠬᠠᠲᠠᠭᠤᠵᠢᠯᠲᠠᠢ ᠪᠠᠶᠢᠵᠤ᠂ ᠰᠢᠨ᠎ᠡ ᠶᠢ ᠡᠭᠦᠳᠬᠦ ᠴᠢᠳᠠᠪᠤᠷᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ᠂ ᠬᠦᠳᠡᠭᠡ ᠠᠵᠤ ᠠᠬᠤᠢ ᠶᠢᠨ ᠰᠠᠭᠤᠷᠢ ᠪᠠᠰᠠ ᠪᠠᠲᠤ ᠪᠠᠬᠢ ᠪᠢᠰᠢ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠵᠥᠷᠢᠶ᠎ᠡ ᠨᠡᠯᠢᠶᠡᠳ ᠶᠡᠭᠡ ᠪᠠᠶᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠵᠠᠮ ᠬᠤᠯᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠳᠤᠲᠠᠭᠤᠳᠠᠯ ᠣᠷᠣᠰᠢᠵᠤ᠂ ᠨᠡᠶᠢᠭᠡᠮ ᠤᠨ ᠵᠠᠰᠠᠯᠲᠠ ᠳᠤ ᠪᠠᠰᠠ ᠪᠠᠭᠤᠷᠠᠢ ᠵᠦᠢᠯ ᠪᠠᠶᠢᠨ᠎ᠠ᠃ ᠪᠦᠬᠦ ᠨᠠᠮ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠮᠠᠨ ᠤ ᠤᠯᠤᠰ ᠤᠨ ᠨᠡᠶᠢᠭᠡᠮ ᠤᠨ ᠭᠤᠣᠯ ᠵᠥᠷᠢᠴᠡᠯ ᠤᠨ ᠬᠤᠪᠢᠷᠠᠯᠲᠠ ᠶᠢᠨ ᠠᠪᠴᠢᠷᠠᠭᠰᠠᠨ ᠰᠢᠨ᠎ᠡ ᠣᠨᠴᠠᠯᠢᠭ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ᠂ ᠨᠠᠷᠢᠨ ᠪᠤᠳᠤᠯᠢᠶᠠᠨᠲᠠᠶ ᠣᠯᠠᠨ ᠤᠯᠤᠰ ᠤᠨ ᠣᠷᠴᠢᠨ ᠤ ᠠᠪᠴᠢᠷᠠᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ ᠢ ᠭᠦᠨᠵᠡᠭᠡᠶ ᠲᠠᠨᠢᠵᠤ᠂ ᠠᠵᠠ ᠲᠣᠬᠢᠶᠠᠯ ᠤᠨ ᠤᠬᠠᠮᠰᠠᠷ ᠪᠣᠯᠤᠨ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠨ᠂ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠪᠠᠶᠢᠭ᠎ᠠ ᠦᠨᠳᠦᠰᠦᠨ ᠤᠯᠤᠰ ᠤᠨ ᠪᠠᠶᠢᠳᠠᠯ ᠳᠤ ᠰᠠᠭᠤᠷᠢᠯᠠᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠥᠪᠡᠷ ᠤᠨ ᠶᠠᠪᠤᠳᠠᠯ ᠢᠶᠠᠨ ᠰᠠᠶᠢᠲᠤᠷ ᠬᠢᠵᠦ᠂ ᠬᠥᠭᠵᠢᠯᠲᠡ ᠶᠢᠨ ᠵᠢᠮ᠎ᠡ ᠶᠣᠰᠣ ᠶᠢ ᠲᠠᠨᠢᠵᠤ ᠡᠵᠡᠮᠰᠢᠨ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠤᠢ ᠪᠣᠯᠭᠠᠨ᠂ ᠬᠤᠪᠢᠷᠠᠯᠲᠠ ᠶᠢ ᠵᠥᠪ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭᠠᠨᠴᠢ ᠪᠠᠷ ᠠᠷᠭᠠᠴᠠᠭᠠᠨ᠂ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠳᠦᠭᠰᠢᠬᠦᠷᠢ ᠶᠢᠨ ᠳᠤᠮᠳᠠ ᠠᠵᠠ ᠲᠣᠬᠢᠶᠠᠯ ᠢ ᠡᠭᠦᠳᠬᠦ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠬᠦ ᠳᠡᠭᠡᠨ ᠴᠢᠳᠠᠮᠠᠭᠠᠢ ᠪᠠᠶᠢᠵᠥ᠂ ᠠᠵᠠ ᠲᠣᠬᠢᠶᠠᠯ ᠢ ᠠᠳᠬᠤᠵᠤ ᠂ ᠥᠷᠢᠰᠥᠯᠳᠦᠭᠡᠨ ᠢ ᠠᠷᠭᠠᠴᠠᠭᠠᠨ᠂ ᠬᠤᠣᠷ ᠬᠦ᠋ᠨᠦᠭᠡᠯ ᠠᠴᠠ ᠵᠠᠶᠢᠯᠠᠵᠤ᠂ ᠡᠷᠡᠯᠬᠡᠭᠯᠡᠨ ᠤᠷᠤᠭᠰᠢᠯᠠᠬᠤ ᠬᠡᠷᠡᠭᠳᠡᠢ ᠭᠡᠵᠦ ᠦᠵᠡᠪᠡ᠃    ᠪᠥᠬᠦᠳᠡ ᠬᠤᠷᠠᠯ ᠠᠴᠠ 2035 ᠣᠨ ᠪᠣᠯᠬᠤ ᠳᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠯᠤᠰ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠠ ᠭᠡᠵᠦ ᠳᠤᠷᠠᠳᠪᠠ᠂ ᠳᠠᠷᠤᠶ᠄ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠶᠡᠭᠡ ᠪᠠᠷ ᠳᠡᠭᠡᠭᠰᠢᠯᠡᠵᠤ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠣᠷᠣᠯᠭ᠎ᠠ ᠳᠠᠬᠢᠨᠳᠠ ᠰᠢᠨ᠎ᠡ ᠶᠡᠭᠡ ᠳᠡᠭᠲᠡᠷ ᠲᠤ ᠭᠠᠷᠴᠤ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠳᠤ ᠴᠢᠬᠤᠯᠠ ᠶᠡᠭᠡ ᠰᠢᠪᠲᠤᠯᠤᠯᠲᠠ ᠲᠠᠢ ᠪᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠤᠨ ᠡᠮᠦᠨ᠎ᠡ ᠡᠩᠨᠡᠭᠡᠨ ᠳᠤ ᠣᠷᠣᠨ᠎ᠠ︔ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠴᠢᠯᠠᠯᠳᠠ᠂ ᠬᠤᠳᠠ ᠪᠠᠯᠭᠠᠰᠤᠵᠢᠯᠳᠠ᠂ ᠬᠦᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠪᠠᠶᠢᠭᠤᠯᠤᠨ᠎ᠠ︔ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠠᠷᠠᠳ ᠲᠦᠮᠡᠨ ᠤ ᠡᠷᠬᠡ ᠲᠡᠭᠰᠢ ᠪᠠᠷ ᠣᠷᠣᠯᠴᠠᠬᠤ᠂ ᠡᠷᠬᠡ ᠲᠡᠭᠰᠢ ᠪᠠᠷ ᠬᠥᠭᠵᠢᠬᠦ ᠡᠷᠬᠡ ᠶᠢ ᠭᠦᠢᠴᠡᠳ ᠪᠠᠲᠤᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠠ︔ ᠰᠣᠶᠣᠯ ᠤᠨ ᠬᠦᠴᠦᠷᠬᠡᠭ ᠤᠯᠤᠰ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠠᠶᠢᠭᠤᠯᠵᠤ᠂ ᠤᠯᠤᠰ ᠠᠷᠠᠳ ᠤᠨ ᠬᠡᠪ ᠪᠤᠯᠪᠠᠰᠤᠷᠠᠯ ᠪᠠ ᠨᠡᠶᠢᠭᠡᠮ ᠤᠨ ᠪᠣᠯᠪᠠᠰᠤᠨ ᠤ ᠬᠡᠮᠵᠢᠶ᠎ᠡ ᠰᠢᠨ᠎ᠡ ᠦᠨᠳᠦᠷᠴᠡ ᠳᠤ ᠬᠦᠷᠴᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠢᠯᠡᠳᠲᠡ ᠴᠢᠩᠭᠠᠷᠠᠭᠤᠯᠤᠨ᠎ᠠ︔ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ  ᠬᠡᠯᠪᠡᠷᠢ ᠶᠢ ᠥᠷᠭᠡᠨ ᠢᠶᠠᠷ ᠪᠤᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠲᠣᠭᠲᠠᠭᠤᠨ ᠢᠶᠠᠷ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠦᠨᠳᠦᠰᠦᠨ ᠠᠴᠠ ᠪᠠᠨ ᠰᠠᠶᠢᠵᠢᠷᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠠ︔ ᠭᠠᠳᠠᠭᠠᠳᠤ ᠨᠡᠭᠡᠭᠡᠯᠳᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠵᠤ᠂ ᠤᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ ᠪᠠ ᠥᠷᠢᠰᠥᠯᠳᠦᠭᠡᠨ ᠳᠤ ᠣᠷᠣᠯᠴᠠᠬᠤ ᠰᠢᠨ᠎ᠡ ᠳᠠᠪᠠᠭᠤᠯᠢᠭ ᠢᠯᠡᠳᠲᠡ ᠴᠢᠩᠭᠠᠷᠠᠨ᠎ᠠ︔ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠳᠤᠮᠳᠠ ᠵᠡᠷᠭᠡ ᠶᠢᠨ ᠬᠥᠭᠵᠢᠭᠰᠡᠨ ᠤᠯᠤᠰ ᠤᠨ ᠬᠢᠷᠢ ᠬᠡᠮᠵᠢᠶ᠎ᠡ ᠳᠤ ᠬᠦᠷᠴᠤ᠂ ᠳᠤᠮᠳᠠ ᠵᠡᠷᠭᠡ ᠶᠢᠨ ᠣᠷᠣᠯᠭ᠎ᠠ ᠲᠠᠢ ᠬᠦᠮᠦᠰ ᠢᠯᠡᠳᠲᠡ ᠤᠯᠠᠰᠢᠷᠠᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠲᠡᠩᠴᠡᠭᠦᠷᠢᠳᠠᠢ ᠪᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠥᠷᠢᠶ᠎ᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠲᠦᠪᠰᠢᠨ ᠤ ᠵᠥᠷᠢᠶ᠎ᠡ ᠢᠯᠡᠳᠳᠡ ᠪᠠᠭᠠᠰᠤᠨ᠎ᠠ︔ ᠠᠮᠤᠷ ᠠᠮᠤᠭᠤᠯᠠᠩ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠨᠡᠩ ᠥᠨᠳᠥᠷ ᠲᠦᠪᠰᠢᠨ ᠳᠤ ᠬᠦᠷᠴᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ︔ ᠠᠷᠠᠳ ᠤᠨ ᠠᠮᠢᠳᠤᠷᠠᠯ ᠨᠡᠩ ᠰᠠᠶᠢᠨ ᠰᠠᠶᠢᠬᠠᠨ ᠪᠤᠯᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠪᠦᠬᠦ ᠠᠷᠠᠳ ᠲᠦᠮᠡᠨ ᠬᠠᠮᠲᠤ ᠪᠠᠷ ᠴᠢᠨᠡᠭᠡᠯᠢᠭᠵᠢᠬᠦ ᠶᠠᠪᠤᠳᠠᠯ ᠨᠡᠩ ᠢᠯᠡᠷᠬᠡᠶ ᠮᠥᠨ ᠴᠢᠨᠠᠷ ᠤᠨ ᠠᠬᠢᠴᠠ ᠲᠠᠢ ᠪᠣᠯᠤᠨ᠎ᠠ᠃    ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠪᠠ ᠡᠷᠬᠡᠪᠰᠢ ᠵᠢᠷᠤᠮᠯᠠᠬᠤ ᠵᠠᠷᠴᠢᠮ ᠢ ᠳᠤᠷᠠᠳᠴᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠤ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠵᠤ ᠠᠬᠤᠶ ᠶᠢᠨ ᠪᠦᠲᠦᠭᠡᠨ ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠦᠲᠦᠭᠡᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠶ ᠪᠠᠶᠢᠷᠢᠰᠢᠭᠤᠯᠤᠯᠳᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ  ᠪᠣᠳᠣᠯᠭ᠎ᠠ ᠶᠢᠨ ᠪᠠᠶᠢᠷᠢᠰᠢᠭᠤᠯᠤᠯᠳᠠ ᠶᠢ ᠵᠣᠬᠢᠴᠠᠩᠭᠤᠢ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠶ᠂  ᠪᠣᠬᠢᠷᠲᠤᠯ ᠦᠭᠡᠢ᠂ ᠨᠡᠭᠡᠭᠡᠯᠳᠡᠳᠤ᠂ ᠬᠠᠮᠲᠤ ᠪᠠᠷ ᠡᠳ᠋ᠯᠡᠬᠦ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ  ᠪᠣᠯᠭᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠬᠠᠷᠠᠯᠳᠠ ᠪᠣᠯᠭᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠱᠠᠯᠠᠪᠳᠠᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠤᠯ ᠴᠣᠭᠴᠠ ᠪᠣᠯᠭᠠᠭᠰᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠂ ᠠᠵᠤ ᠠᠬᠤᠶ ᠶᠢᠨ ᠯᠠᠪᠳᠠᠭᠤᠨ ᠢᠶᠠᠷ ᠬᠤᠯᠠ ᠠᠶᠠᠯᠠᠬᠤ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠩᠭᠤᠢ ᠪᠠᠶᠢᠬᠤ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠰᠠᠶᠢᠳᠦᠷ ᠡᠬᠢᠯᠡᠭᠦᠯᠵᠦ᠂ ᠡᠬᠢᠨ ᠤ ᠠᠯᠬᠤᠭ᠎ᠠ ᠪᠠᠨ ᠰᠠᠶᠢᠳᠤᠷ ᠠᠯᠬᠤᠬᠤ ᠬᠡᠷᠡᠭᠳᠠᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠠᠴᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠤᠳᠤᠷᠢᠳᠬᠤ ᠪᠠᠶᠢᠭᠤᠯᠤᠮᠵᠢ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠴᠢᠳᠠᠪᠤᠷᠢ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠦᠨᠳᠦᠰᠦᠨ ᠪᠠᠲᠤᠯᠠᠭ᠎ᠠ ᠬᠠᠩᠭᠠᠬᠤ ᠬᠡᠷᠡᠭᠲᠡᠶ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃     ᠪᠥᠬᠦᠳᠡ ᠬᠤᠷᠠᠯ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠳᠤᠷᠠᠳᠴᠠᠢ᠂ ᠳᠠᠷᠤᠶ᠄ ᠠᠵᠤ ᠠᠬᠤᠶ ᠶᠢᠨ ᠬᠥᠭᠵᠢᠯᠲᠡ  ᠰᠢᠨ᠎ᠡ ᠠᠮᠵᠢᠯᠲᠠ ᠪᠦᠲᠦᠮᠵᠢ ᠣᠯᠵᠤ᠂ ᠶᠠᠰᠤ ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠭᠰᠡᠨ ᠰᠠᠭᠤᠷᠢᠨ ᠳᠡᠭᠡᠷ᠎ᠡ ᠠᠵᠤ ᠠᠬᠤᠶ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠵᠤ᠂ ᠨᠡᠮᠡᠭᠳᠡᠯ ᠤᠨ ᠳᠠᠯᠳᠠ ᠬᠦᠴᠦᠨ ᠢ ᠭᠦᠢᠴᠡᠳ ᠪᠠᠳᠠᠷᠠᠭᠤᠯᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠨᠡᠩ ᠬᠦᠴᠦᠷᠬᠡᠭᠵᠢᠨ᠂ ᠠᠵᠤ ᠠᠬᠤᠶ ᠶᠢᠨ ᠪᠦᠲᠦᠴᠡ ᠨᠡᠩ ᠰᠢᠯᠢᠳᠡᠭᠵᠢᠵᠤ᠂ ᠰᠢᠨ᠎ᠡ ᠶᠢ ᠡᠭᠦᠳᠬᠦ ᠴᠢᠳᠠᠪᠤᠷᠢ ᠢᠯᠡᠳᠲᠡ ᠳᠡᠭᠡᠭᠰᠢᠯᠡᠵᠦ᠂ ᠠᠵᠤ ᠦᠢᠯᠡᠰ ᠤᠨ ᠰᠠᠭᠤᠷᠢ ᠶᠢᠨ ᠳᠡᠭᠡᠳᠤ ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢᠯᠡᠳᠲᠡ ᠳᠡᠭᠡᠭᠰᠢᠯᠡᠨ᠂ ᠬᠦᠳᠡᠭᠡ ᠠᠵᠤ ᠠᠬᠤᠢ ᠶᠢᠨ ᠰᠠᠭᠤᠷᠢ ᠨᠡᠩ ᠪᠠᠲᠤ ᠪᠠᠬᠢ ᠪᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠶ ᠴᠢᠨᠠᠷ ᠢᠯᠡᠳᠲᠡ ᠴᠢᠩᠭᠠᠷᠠᠵᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠤᠨ ᠪᠠᠶᠢᠭᠤᠯᠤᠯᠲᠠ ᠴᠢᠬᠤᠯᠠ ᠶᠡᠭᠡ ᠠᠬᠢᠴᠠ ᠲᠠᠢ ᠪᠣᠯᠤᠨ᠎ᠠ︔ ᠥᠭᠡᠷᠡᠴᠢᠯᠡᠯᠲᠡ ᠨᠡᠭᠡᠭᠡᠯᠲᠡ ᠰᠢᠨ᠎ᠡ ᠠᠬᠢᠴᠠ ᠲᠠᠢ ᠪᠤᠯᠵᠤ᠂ ᠨᠡᠶᠢᠭᠡᠮ ᠵᠢᠷᠦᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠤᠯᠠᠮ ᠲᠡᠭᠦᠯᠳᠡᠷᠵᠢᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠨᠡᠩ ᠠᠮᠢᠵᠢᠷᠠᠯ ᠤᠨ ᠬᠦᠴᠦᠨ ᠲᠠᠢ  ᠪᠤᠯᠵᠤ᠂ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠪᠣᠯᠤᠨ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠴᠢᠬᠤᠯᠠ ᠶᠡᠭᠡ ᠠᠬᠢᠴᠠ ᠲᠠᠢ ᠪᠣᠯᠵᠤ᠂ ᠡᠷᠬᠡ ᠲᠡᠭᠰᠢ ᠪᠠᠷ  ᠥᠷᠢᠰᠦᠯᠳᠦᠬᠦ ᠳᠦᠷᠢᠮ ᠨᠠᠩ ᠲᠡᠭᠦᠯᠳᠡᠷᠵᠢᠵᠦ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ ᠪᠠᠶᠢᠭᠤᠯᠤᠮᠵᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠠ︔ ᠨᠡᠶᠢᠭᠡᠮ ᠤᠨ ᠪᠣᠯᠪᠠᠰᠤᠨ ᠤ ᠬᠡᠮᠵᠢᠶ᠎ᠡ ᠰᠢᠨ᠎ᠡ ᠳᠡᠭᠡᠭᠰᠢᠯᠡᠯᠲᠡ ᠲᠠᠢ ᠪᠣᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠬᠥᠮᠦᠰ ᠤᠨ ᠰᠡᠳᠬᠢᠯ ᠳᠤ ᠭᠦᠨ ᠬᠠᠳᠠᠩᠰᠢᠵᠤ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠰᠤᠷᠳᠠᠬᠤᠨ ᠤ ᠬᠡᠪ ᠪᠤᠯᠪᠠᠰᠤᠷᠠᠯ᠂ ᠰᠢᠨᠵᠢᠯᠡᠬᠦ ᠤᠬᠠᠭᠠᠨ ᠰᠣᠶᠣᠯ ᠤᠨ ᠬᠡᠪ ᠪᠤᠯᠪᠠᠰᠤᠷᠠᠯ ᠪᠣᠯᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢᠨ ᠬᠡᠪ ᠪᠤᠯᠪᠠᠰᠤᠷᠠᠯ ᠢᠯᠡᠳᠲᠡ ᠳᠡᠭᠡᠭᠰᠢᠯᠡᠵᠤ᠂ ᠣᠯᠠᠨ ᠨᠡᠶᠢᠲᠡ ᠶᠢᠨ ᠰᠣᠶᠣᠯ ᠤᠨ ᠦᠶ᠋ᠯᠡᠴᠢᠯᠡᠭᠡᠨ ᠤ ᠰᠢᠰᠲ᠋ᠧᠮ ᠪᠣᠯᠤᠨ ᠰᠣᠶᠣᠯ ᠤᠨ ᠠᠵᠤ ᠦᠢᠯᠡᠰ ᠤᠨ ᠰᠢᠰᠲ᠋ᠧᠮ ᠨᠡᠩ ᠲᠡᠭᠦᠯᠳᠡᠷᠵᠢᠨ᠂ ᠠᠷᠠᠳ ᠲᠦᠮᠡᠨ ᠤ ᠤᠶᠤᠨ ᠤᠬᠠᠭᠠᠨ ᠰᠣᠶᠣᠯ ᠤᠨ ᠠᠮᠢᠳᠤᠷᠠᠯ ᠡᠳᠦᠷ ᠢᠷᠡᠬᠦᠶ᠎ᠡ ᠪᠠᠶᠠᠯᠢᠭᠵᠢᠵᠤ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠤ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠳᠠᠪᠰᠢᠯᠲᠠ ᠲᠠᠢ ᠪᠣᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠰᠢᠯᠢᠳᠡᠭᠵᠢᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠪᠣᠬᠢᠷᠲᠤᠯ ᠦᠭᠡᠶ ᠪᠤᠯᠭᠠᠨ ᠬᠤᠪᠢᠷᠠᠭᠤᠯᠬᠤ ᠠᠵᠢᠯ ᠢᠯᠡᠳᠲᠡ ᠦᠷ᠎ᠠ ᠪᠦᠲᠦᠮᠵᠢ ᠣᠯᠵᠤ᠂ ᠡᠨᠧᠷᠭᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠡᠩ ᠵᠦᠶ ᠵᠣᠬᠢᠰᠲᠠᠶ ᠪᠣᠯᠭᠠᠵᠤ᠂ ᠠᠰᠢᠡᠡᠯᠠᠯᠳᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠤ᠂ ᠭᠤᠤᠯ ᠪᠣᠯᠬᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠠᠰᠴᠤ᠂ ᠠᠮᠢ ᠠᠬᠤᠶ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠪᠠᠲᠤ ᠪᠠᠬᠢ ᠪᠣᠯᠭᠠᠵᠤ᠂ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ︔ ᠠᠷᠠᠳ ᠤᠨ ᠠᠵᠠ ᠵᠢᠷᠭᠠᠯ ᠰᠢᠨ᠎ᠡ ᠲᠦᠪᠰᠢᠨ ᠳᠤ ᠬᠦᠷᠴᠤ᠂ ᠨᠡᠩ ᠭᠦᠶ᠋ᠴᠡᠳ ᠨᠡᠩ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠵᠤ᠂ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠤᠨ ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠠᠯᠬᠤᠭ᠎ᠠ ᠨᠢᠭᠡᠳᠠᠢ ᠪᠤᠯᠭᠠᠵᠤ᠂ ᠬᠤᠪᠢᠶᠠᠷᠢᠯᠠᠯᠲᠠ ᠶᠢᠨ ᠪᠦᠲᠦᠴᠡ ᠢᠯᠡᠳᠲᠡ ᠰᠠᠶᠢᠵᠢᠷᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠡᠩᠴᠡᠭᠦᠷᠢ ᠲᠠᠢ ᠲᠦᠪᠰᠢᠨ ᠢᠯᠡᠳᠲᠡ ᠳᠡᠭᠡᠭᠰᠢᠯᠡᠵᠤ᠂ ᠪᠦᠬᠦ ᠠᠷᠠᠳ ᠤᠨ ᠰᠤᠷᠭᠠᠨ ᠬᠥᠮᠦᠵᠢᠯ ᠬᠦᠷᠲᠡᠬᠦ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ᠂ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠨᠠᠩ ᠪᠦᠷᠢᠨᠰᠢᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠨᠠᠩ ᠲᠡᠭᠦᠯᠳᠡᠷᠵᠢᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠪᠠᠬᠢᠵᠢᠨ ᠦᠷᠭᠡᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ︔ ᠤᠯᠤᠰ ᠤᠨ ᠵᠠᠰᠠᠯᠲᠠ ᠶᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ ᠲᠠᠢ ᠪᠣᠯᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠬᠠᠤᠯᠢᠵᠢᠯ ᠨᠠᠩ ᠪᠦᠷᠢᠨᠰᠢᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠴᠢᠨᠠᠭᠰᠢᠳᠠ ᠢᠯᠡᠷᠡᠭᠦᠯᠵᠦ᠂ ᠤᠯᠤᠰ ᠤᠨ ᠵᠠᠰᠠᠭ ᠵᠠᠬᠢᠷᠭᠠᠨ ᠤ ᠰᠢᠰᠲ᠋ᠧᠮ ᠢ ᠨᠠᠩ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠵᠠᠰᠠᠭ ᠵᠠᠬᠢᠷᠭᠠᠨ ᠤ ᠦᠷ᠎ᠡ ᠪᠦᠲᠦᠮᠵᠢ ᠪᠣᠯᠤᠨ ᠨᠡᠶᠢᠳᠡ ᠳᠤ ᠢᠲᠡᠭᠡᠭᠦᠯᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠣᠨᠴᠠᠭᠠᠶᠢᠯᠠᠨ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢᠯᠡᠳᠲᠡ ᠳᠡᠭᠡᠭᠰᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠲᠠᠰᠤᠷᠠᠯᠲᠠ ᠤᠢᠭᠡᠢ ᠲᠡᠭᠦᠯᠳᠡᠷᠵᠢᠵᠤ᠂ ᠭᠡᠨᠡᠳᠲᠡ ᠪᠠᠷ ᠡᠭᠦᠰᠬᠦ ᠣᠯᠠᠨ ᠨᠡᠶᠢᠲᠡ ᠶᠢᠨ ᠬᠡᠷᠡᠭ ᠢ ᠠᠷᠭᠠᠴᠠᠭᠠᠬᠤ ᠴᠢᠳᠠᠪᠤᠷᠢ ᠢᠯᠡᠳᠲᠡ ᠴᠢᠩᠭᠠᠷᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠲᠦᠪᠰᠢᠨ ᠢᠯᠡᠳᠲᠡ ᠳᠡᠭᠡᠭᠰᠢᠯᠡᠵᠤ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠨᠡᠩ ᠬᠦᠴᠦᠲᠡᠶ ᠪᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠬᠢ ᠶᠢᠨ ᠣᠳᠣᠬᠢᠴᠢᠯᠠᠯᠲᠠ ᠴᠢᠬᠤᠯᠠ ᠶᠡᠭᠡ ᠠᠯᠬᠤᠮ ᠢ ᠠᠯᠬᠤᠨ᠎ᠠ ᠭᠡᠪᠡ᠃    ᠪᠥᠬᠦᠳᠡ ᠬᠤᠷᠠᠯ ᠠᠴᠠ᠂ ᠰᠢᠨ᠎ᠡ ᠶᠢ ᠡᠭᠦᠳᠬᠦ ᠶᠢᠨ ᠮᠠᠨ ᠤ ᠤᠯᠤᠰ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠳᠠᠬᠢ ᠭᠤᠤᠯᠯᠠᠬᠤ ᠪᠠᠶᠢᠷᠢ ᠰᠠᠭᠤᠷᠢ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠤᠯᠤᠰ ᠤᠨ ᠬᠥᠭᠵᠢᠯᠲᠡ ᠶᠢᠨ ᠪᠠᠶᠢᠯᠳᠤᠬᠤ  ᠪᠣᠳᠣᠯᠭ᠎ᠠ ᠶᠢᠨ ᠲᠤᠯᠭᠠᠭᠤᠷᠢᠯᠠᠯ ᠪᠣᠯᠭᠠᠵᠤ᠂ ᠳᠡᠯᠡᠬᠡᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠠ ᠡᠩᠨᠡᠭᠡᠨ ᠳᠤ ᠬᠠᠨᠳᠤᠭᠤᠯᠵᠤ᠂ ᠠᠵᠤ ᠠᠬᠤᠶ ᠶᠢᠨ ᠭᠤᠤᠯ ᠳᠠᠶᠢᠨ ᠤ ᠲᠠᠯᠠᠪᠤᠷ ᠲᠤ ᠬᠠᠨᠳᠤᠭᠤᠯᠵᠤ᠂ ᠤᠯᠤᠰ ᠤᠨ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠵᠤ᠂ ᠠᠷᠠᠳ ᠲᠦᠮᠡᠨ ᠤ ᠠᠮᠢ ᠨᠠᠰᠤ ᠡᠷᠡᠭᠦᠯ ᠮᠡᠨᠳᠦ ᠳᠤ ᠬᠠᠨᠳᠤᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ  ᠬᠦᠴᠦᠷᠬᠡᠭ ᠤᠯᠤᠰ ᠢ ᠲᠦᠷᠭᠡᠨ ᠪᠦᠲᠦᠭᠡᠨ ᠪᠠᠶᠢᠭᠤᠯᠬᠤ ᠬᠡᠷᠡᠭᠳᠠᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠨ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠤ᠂ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠳᠠᠢ ᠭᠡᠵᠤ ᠳᠤᠷᠠᠳᠪᠠ᠃    ᠪᠥᠬᠦᠳᠡ ᠬᠤᠷᠠᠯ ᠠᠴᠠ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠨ ᠬᠥᠭᠵᠢᠭᠦᠯᠵᠦ᠂ ᠠᠵᠤ ᠠᠬᠤᠶ ᠶᠢᠨ ᠰᠢᠰᠲ᠋ᠧᠮ ᠤᠨ ᠰᠢᠯᠢᠳᠡᠭᠵᠢᠨ ᠲᠡᠰ ᠳᠡᠪᠰᠢᠬᠦ ᠶᠢ ᠠᠬᠢᠭᠤᠯᠬᠤ ᠬᠡᠷᠡᠭᠳᠠᠢ᠃ ᠠᠵᠤ ᠠᠬᠤᠶ ᠪᠠᠨ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠶᠠᠰᠤ ᠴᠢᠨᠠᠷ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠢ ᠡᠷᠡᠰ ᠭᠤᠶᠢᠪᠢᠰᠢ ᠦᠭᠡᠶ ᠪᠦᠲᠦᠭᠡᠨ ᠪᠠᠶᠢᠭᠤᠯᠵᠤ᠂ ᠠᠵᠤ ᠦᠢᠯᠡᠰ ᠤᠨ ᠰᠠᠭᠤᠷᠢ ᠶᠢᠨ ᠳᠡᠭᠡᠳᠤ ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠵᠤ᠂ ᠠᠵᠤ ᠠᠬᠤᠶ ᠶᠢᠨ ᠶᠠᠰᠤ ᠴᠢᠨᠠᠷ ᠦᠷ᠎ᠡ ᠠᠰᠢᠭ ᠪᠠ ᠭᠤᠤᠯᠯᠠᠭᠴᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠳᠠᠢ᠃ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠵᠦ᠂ ᠡᠨᠧᠷᠭᠢ ᠶᠢᠨ  ᠬᠤᠪᠢᠰᠬᠠᠯ ᠢ ᠠᠬᠢᠭᠤᠯᠵᠤ᠂ ᠲᠤᠭᠠᠴᠢᠯᠠᠭᠰᠠᠨ ᠬᠥᠭᠵᠢᠯᠲᠡ ᠶᠢ ᠲᠦᠷᠭᠡᠳᠭᠡᠬᠦ ᠬᠡᠷᠡᠭᠳᠠᠢ ᠭᠡᠵᠤ ᠳᠤᠷᠠᠳᠴᠠᠢ᠃    ᠪᠥᠬᠦᠳᠡ ᠬᠤᠷᠠᠯ ᠠᠴᠠ᠂ ᠬᠦᠴᠦᠷᠬᠡᠭ ᠶᠡᠭᠡ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ ᠪᠦᠷᠢᠯᠳᠦᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠢ ᠪᠠᠷᠢᠮᠲᠠᠯᠠᠵᠤ᠂ ᠳᠣᠲᠣᠭᠠᠳᠤ ᠬᠡᠷᠡᠭᠴᠡᠭᠡ ᠶᠢᠨ ᠪᠦᠷᠢᠨ ᠲᠦᠭᠦᠷ ᠰᠢᠰᠲ᠋ᠧᠮ ᠢ ᠲᠦᠷᠬᠡᠨ ᠪᠤᠶᠢᠵᠢᠭᠤᠯᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠦ᠂ ᠴᠢᠨᠠᠷ ᠰᠠᠶᠢᠲᠠᠶ ᠬᠠᠩᠭᠠᠯᠭ᠎ᠠ ᠪᠠᠷ ᠰᠢᠨ᠎ᠡ ᠬᠡᠷᠡᠭᠴᠡᠭᠡ ᠱᠠᠭᠠᠷᠲᠠᠯᠭ᠎ᠠ ᠶᠢ ᠬᠥᠲᠥᠯᠥᠨ ᠳᠠᠭᠠᠭᠤᠯᠬᠤ ᠪᠦᠭᠡᠳ ᠡᠭᠦᠳᠦᠨ ᠪᠦᠲᠦᠭᠡᠨ᠎ᠡ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ ᠦᠭᠡᠢ ᠨᠡᠪᠲᠡᠷᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠢ ᠠᠬᠢᠭᠤᠯᠵᠤ᠂ ᠬᠡᠷᠡᠭᠯᠡᠭᠡ ᠶᠢ ᠪᠦᠬᠦ ᠲᠠᠯ᠎ᠠ ᠪᠠᠷ ᠠᠬᠢᠭᠤᠯᠵᠤ᠂ ᠪᠡᠯᠡ ᠣᠷᠣᠭᠤᠯᠤᠯᠲᠠ ᠶᠢᠨ ᠣᠷᠣᠨ ᠵᠠᠶ ᠶᠢ ᠥᠷᠭᠡᠳᠬᠡᠬᠦ ᠬᠡᠷᠡᠭᠲᠡᠶ ᠭᠡᠵᠦ ᠲᠤᠷᠠᠳᠴᠠᠢ᠃    ᠪᠥᠬᠦᠳᠡ ᠬᠤᠷᠠᠯ ᠠᠴᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠲᠠᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠯ ᠢ ᠪᠠᠶᠢᠭᠤᠯᠤᠨ᠎ᠠ᠃ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠤᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠶ᠋ᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠭ᠎ᠠ ᠲᠠᠢ ᠵᠠᠰᠠᠭ ᠤᠨ ᠤᠷᠲᠤᠨ ᠢ ᠨᠡᠩ ᠰᠠᠶᠢᠲᠤᠷ ᠤᠶᠠᠯᠳᠤᠭᠤᠯᠬᠤ ᠶᠢ ᠠᠬᠢᠭᠤᠯᠤᠨ᠎ᠠ᠃ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠷᠸ᠎ᠠ ᠠᠵᠤ ᠠᠬᠤᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠤᠳᠤ ᠦᠶ᠎ᠡ ᠶᠢᠨ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠢ ᠪᠠᠶᠢᠭᠤᠯᠵᠤ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ ᠵᠠᠰᠠᠭ ᠤᠨ ᠣᠷᠳᠣᠨ ᠤ ᠴᠢᠲᠠᠪᠬᠢ ᠶᠢ ᠲᠦᠷᠬᠡᠨ ᠬᠤᠪᠢᠷᠠᠭᠤᠯᠬᠤ ᠬᠡᠷᠡᠭᠲᠡᠢ ᠭᠡᠵᠦ ᠲᠤᠷᠠᠳᠴᠠᠢ᠃    ᠪᠥᠬᠦᠳᠡ ᠬᠤᠷᠠᠯ ᠠᠴᠠ᠂ ᠬᠦᠲᠡᠭᠡ ᠠᠵᠦ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ︽ᠬᠦᠲᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠠᠪᠤᠳᠠᠯ ᠢ ᠪᠦᠬᠦ ᠨᠠᠮ ᠤᠨ  ᠠᠵᠢᠯ ᠤᠨ ᠴᠢᠬᠤᠯᠠ ᠠᠴᠠ ᠴᠢᠬᠤᠯᠠ ᠠᠵᠢᠯ ᠪᠤᠯᠭᠠᠠ ᠠᠳᠬᠤᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ  ᠣᠨᠴᠠᠯᠢᠭ ᠲᠠᠢ ᠨᠡᠶᠢᠭᠡᠮ ᠵᠢᠷᠤᠮ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠵᠠᠮᠨᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠦᠢᠯᠡᠳᠪᠦᠷᠢ ᠪᠠᠷ ᠲᠠᠷᠢᠶᠠᠯᠠᠩ ᠢ ᠨᠥᠬᠦᠪᠥᠷᠢᠯᠡᠬᠦ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠴᠢᠩᠭᠠᠳᠬᠠᠵᠤ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠠᠬᠢᠭᠤᠯᠬᠤ᠂ ᠬᠤᠳᠠ ᠬᠥᠳᠡᠭᠡ ᠬᠠᠷᠢᠯᠴᠠᠨ ᠨᠥᠬᠦᠪᠥᠷᠢᠯᠡᠬᠦ᠂ ᠵᠣᠬᠢᠴᠠᠩᠭᠤᠶ ᠪᠠᠷ ᠬᠥᠭᠵᠢᠬᠦ᠂ ᠬᠠᠮᠲᠤ ᠪᠠᠷ ᠴᠡᠴᠡᠭᠯᠡᠨ ᠬᠥᠭᠵᠢᠭᠰᠡᠨ ᠰᠢᠨ᠎ᠡ ᠮᠠᠶ᠋ᠢᠭ ᠤᠨ ᠠᠵᠤ ᠦᠢᠯᠡᠳᠪᠦᠷᠢ ᠲᠠᠷᠢᠶᠠᠯᠠᠩ ᠬᠤᠳᠠ ᠬᠥᠳᠡᠭᠡ ᠶᠢᠨ ᠬᠠᠷᠢᠴᠠᠭ᠎ᠠ ᠶᠢ ᠪᠦᠷᠢᠯᠲᠦᠭᠦᠯᠬᠦ ᠶᠢ ᠠᠬᠢᠭᠤᠯᠵᠦ᠂ ᠬᠦᠲᠡᠭᠡ ᠠᠵᠦ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ᠎ᠡ᠃ ᠤᠯᠤᠰ ᠤᠨ ᠠᠮᠤ ᠪᠤᠳᠠᠭᠠᠨ ᠤ ᠠᠮᠤᠷ  ᠲᠦᠪᠰᠢᠨ ᠢ ᠪᠠᠲᠤᠯᠠᠵᠤ᠂ ᠬᠦᠲᠡᠭᠡ ᠠᠵᠦ ᠠᠬᠤᠢ ᠶᠢᠨ ᠶᠠᠰᠤ ᠴᠢᠨᠠᠷ ᠦᠷ᠎ᠡ ᠠᠰᠢᠭ ᠪᠤᠯᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠶᠢᠨ ᠠᠮᠵᠢᠯᠲᠠ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠲᠤᠷᠠᠳᠴᠠᠢ᠃    ᠪᠥᠬᠦᠳᠡ ᠬᠤᠷᠠᠯ ᠠᠴᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠠᠬᠢᠭᠤᠯᠤᠨ᠎ᠠ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠣᠷᠣᠨ  ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠠᠶᠢᠯᠳᠤᠬᠤ ᠪᠤᠳᠤᠯᠭ᠎ᠠ ᠶᠢ ᠲᠡᠭᠦᠯᠳᠡᠷᠵᠢᠭᠦᠯᠵᠦ᠂ ᠴᠢᠨᠠᠷ ᠰᠠᠶᠢᠲᠠᠶ ᠬᠥᠭᠵᠢᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠪᠠ ᠲᠤᠯᠭᠠᠭᠤᠷᠢᠯᠠᠬᠤ ᠰᠢᠰᠲ᠋ᠧᠮ ᠢ ᠪᠠᠶᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠵᠤ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠥᠮᠦᠨ ᠢᠶᠠᠷ ᠭᠤᠣᠯ ᠪᠣᠯᠭᠠᠭᠰᠠᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠠᠬᠢᠭᠤᠯᠬᠤ ᠬᠡᠷᠡᠭᠲᠡᠢ ᠭᠡᠵᠦ ᠲᠤᠷᠠᠳᠴᠠᠢ᠃    ᠪᠥᠬᠦᠳᠡ ᠬᠤᠷᠠᠯ ᠠᠴᠠ᠂ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠴᠡᠴᠡᠭᠯᠡᠬᠦᠯᠬᠦ᠂ ᠳᠦᠷᠢ ᠲᠥᠷᠬᠦ ᠪᠠᠨ ᠱᠤᠭᠤᠬᠤ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ ᠨᠢᠭᠡᠲᠦᠭᠦᠯᠬᠦ ᠶᠢ ᠠᠬᠢᠭᠤᠯᠵᠦ᠂ ᠨᠡᠶᠢᠭᠡᠮ ᠵᠢᠷᠤᠮ ᠤᠨ  ᠰᠣᠶᠣᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ ᠂ ᠤᠳᠤ ᠦᠶ᠎ᠡ ᠶᠢᠨ ᠰᠣᠶᠣᠯ ᠤᠨ ᠠᠵᠤ ᠦᠢᠯᠡᠰ ᠤᠨ ᠰᠢᠰᠲ᠋ᠧᠮ ᠢ ᠪᠦᠷᠢᠨᠰᠢᠬᠦᠯᠬᠦ ᠬᠡᠷᠡᠭᠲᠡᠶ ᠭᠡᠵᠦ ᠲᠤᠷᠠᠳᠴᠠᠢ᠃    ᠪᠥᠬᠦᠳᠡ ᠬᠤᠷᠠᠯ ᠠᠴᠠ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠶᠢ ᠠᠬᠢᠭᠤᠯᠤᠨ᠎ᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠯᠳᠤᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠠᠷᠪᠢᠯᠠᠠ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠠᠮᠢ ᠠᠬᠤᠶ ᠶᠢᠨ ᠠᠮᠤᠷ ᠲᠦᠪᠰᠢᠨ ᠤ ᠵᠠᠭᠠᠭ ᠬᠢᠵᠠᠭᠠᠷ ᠢ ᠪᠠᠲᠤ ᠰᠠᠬᠢᠨ᠎ᠠ᠃ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠢ ᠶᠢᠨ ᠪᠣᠯᠪᠠᠰᠤᠨ ᠤ ᠬᠦᠷᠢᠶ᠎ᠠ ᠬᠡᠪᠴᠢᠶ᠎ᠠ ᠶᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠰᠢᠰᠲ᠋ᠧᠮ ᠢ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠠᠶᠢᠭᠤᠯᠤᠨ᠎ᠠ᠃ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠦ ᠬᠥᠭᠵᠢᠯᠲᠡ ᠶᠢ ᠲᠦᠷᠬᠡᠨ ᠠᠬᠢᠭᠤᠯᠵᠤ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ᠂ ᠡᠬᠢ ᠪᠠᠶᠠᠯᠢᠭ ᠢ ᠠᠰᠢᠠᠠᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠲᠤᠷᠠᠳᠴᠠᠢ᠃    ᠪᠥᠬᠦᠳᠡ ᠬᠤᠷᠠᠯ ᠠᠴᠠ᠂ ᠥᠨᠳᠥᠷ ᠲᠦᠪᠰᠢᠨ ᠪᠦᠬᠦᠢ ᠭᠠᠳᠠᠭᠠᠲᠦ ᠨᠡᠭᠡᠭᠡᠯᠳᠡ ᠬᠢᠬᠦ ᠶᠢ ᠬᠡᠷᠡᠭᠵᠢᠭᠦᠯᠵᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠨᠡᠭᠡᠭᠡᠨ᠎ᠡ᠃ ᠨᠠᠩ ᠶᠡᠭᠡ ᠬᠡᠪᠴᠢᠶ᠎ᠡ᠂ ᠨᠠᠩ ᠥᠷᠭᠡᠨ ᠬᠦᠷᠢᠶ᠎ᠡ᠂ ᠨᠠᠩ ᠭᠦᠨ ᠳᠠᠪᠬᠤᠷᠭ᠎ᠠ ᠶᠢᠨ ᠭᠠᠳᠠᠭᠠᠲᠤ ᠨᠡᠭᠡᠭᠡᠯᠲᠡ ᠬᠢᠬᠦ ᠶᠢ ᠬᠡᠷᠡᠭᠵᠢᠭᠦᠯᠬᠦ ᠶᠢ ᠪᠠᠷᠢᠮᠲᠠᠯᠠᠵᠦ᠂ ᠮᠠᠨ ᠤ ᠤᠯᠤᠰ ᠤᠨ ᠲᠤᠮᠤ ᠵᠠᠬ᠎ᠠ ᠳᠡᠯᠭᠡᠭᠦᠷ ᠤᠨ ᠳᠠᠪᠠᠭᠤᠯᠢᠭ ᠲᠤ ᠲᠦᠰᠢᠭᠯᠡᠨ᠂ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ᠃ ᠨᠡᠩ ᠥᠨᠳᠥᠷ ᠲᠦᠪᠰᠢᠨ ᠲᠠᠢ ᠨᠡᠭᠡᠭᠡᠯᠲᠡᠲᠦ ᠮᠠᠶ᠋ᠢᠭ ᠤᠨ ᠠᠵᠤ ᠠᠬᠤᠶ ᠶᠢᠨ ᠰᠢᠨ᠎ᠡ ᠪᠠᠶᠢᠭᠤᠯᠤᠯ ᠢ ᠪᠠᠶᠢᠭᠤᠯᠵᠤ᠂ ᠭᠠᠳᠠᠭᠠᠳᠤ ᠨᠡᠭᠡᠭᠡᠯᠲᠡ ᠬᠢᠬᠦ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂  ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠳᠥᠭᠦᠮᠴᠢᠯᠡᠯᠲᠡ ᠶᠢ ᠠᠬᠢᠭᠤᠯᠵᠤ᠂ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠬᠤ ᠬᠡᠷᠡᠭᠲᠡᠢ ᠭᠡᠵᠦ ᠲᠤᠷᠠᠳᠴᠠᠢ᠃ ᠪᠥᠬᠦᠳᠡ ᠬᠤᠷᠠᠯ ᠠᠴᠠ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠨᠡᠶᠢᠭᠡᠮ ᠤᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠪᠠᠷ ᠬᠥᠭᠵᠢᠯᠲᠡ ᠶᠢᠨ ᠭᠠᠷᠤᠭ᠎ᠠ ᠪᠠ ᠲᠤᠰᠤᠯᠲᠠ ᠪᠤᠯᠭᠠᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂  ᠴᠢᠳᠠᠯ ᠤᠨ ᠢᠶᠠᠨ ᠬᠢᠷᠢ ᠪᠠᠷ ᠬᠢᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠦᠨᠳᠦᠰᠦᠨ ᠰᠢᠰᠲ᠋ᠧᠮ ᠢ ᠪᠦᠷᠢᠠᠰᠢᠭᠦᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠦ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠠ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠬᠤ ᠶᠢ ᠪᠠᠷᠢᠮᠲᠠᠯᠠᠨ᠎ᠠ᠃ ᠠᠷᠠᠳ ᠲᠦᠮᠡᠨ ᠤ ᠣᠷᠣᠯᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠣᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠷᠡᠭᠦᠯ ᠡᠩᠬᠡ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠭᠦ ᠬᠡᠷᠡᠭᠲᠡᠢ ᠭᠡᠵᠦ ᠲᠤᠷᠠᠳᠴᠠᠢ᠃    ᠪᠥᠬᠦᠳᠡ ᠬᠤᠷᠠᠯ ᠠᠴᠠ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠨᠡᠩ ᠥᠨᠳᠥᠷ ᠲᠦᠪᠰᠢᠨ ᠲᠠᠢ ᠠᠮᠤᠷ ᠠᠮᠤᠭᠤᠯᠠᠩ ᠳᠤᠮᠳᠠᠳᠤ ᠤᠯᠤᠰ ᠢ ᠪᠦᠳᠦᠭᠡᠨ ᠪᠠᠶᠢᠭᠤᠯᠤᠨ᠎ᠠ᠃ ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠤᠯᠤᠰ ᠤᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠦᠭᠡᠳ ᠪᠤᠢ ᠪᠣᠯᠭᠠᠵᠤ ᠂ ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠮᠤᠷ ᠲᠦᠪᠰᠢᠨ ᠬᠥᠭᠵᠢᠯᠲᠡ ᠶᠢ ᠤᠯᠤᠰ ᠤᠨ ᠬᠥᠭᠵᠢᠯᠲᠡ ᠶᠢᠨ ᠡᠯ᠎ᠡ ᠬᠦᠷᠢᠶ᠎ᠡ ᠪᠣᠯᠤᠨ ᠪᠦᠬᠦ ᠶᠠᠪᠤᠴᠠ ᠳᠤ ᠲᠤᠭᠤᠰᠢᠯᠠᠭᠤᠯᠤᠨ᠂ ᠮᠠᠨ ᠤ ᠤᠯᠤᠰ ᠤᠨ ᠣᠳᠣᠬᠢᠴᠢᠯᠠᠯᠲᠠ ᠶᠢᠨ ᠠᠬᠢᠴᠠ ᠶᠢ ᠨᠥᠯᠥᠭᠡᠯᠡᠬᠦ ᠡᠯ᠎ᠡ ᠵᠦᠢᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠠ᠃ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ ᠭᠡᠵᠦ ᠲᠤᠷᠠᠳᠴᠠᠢ᠃    ᠪᠥᠬᠦᠳᠡ ᠬᠤᠷᠠᠯ ᠠᠴᠠ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢ ᠲᠦᠷᠭᠡᠳᠬᠡᠵᠦ᠂ ᠤᠯᠤᠰ ᠢᠶᠠᠨ ᠪᠠᠶᠠᠵᠢᠭᠤᠯᠬᠤ ᠪᠠ ᠴᠡᠷᠢᠭ ᠢᠶᠠᠨ ᠬᠦᠴᠦᠷᠬᠡᠭᠵᠢᠭᠦᠯᠬᠦ ᠶᠢ ᠨᠢᠭᠡᠳᠬᠡᠬᠦ ᠶᠢ ᠪᠡᠶᠡᠯᠡᠭᠦᠯᠦᠨ᠎ᠡ᠃ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠦ᠂ ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢ ᠦᠭᠡᠶ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠥ ᠪᠠᠷ ᠴᠡᠷᠢᠭ ᠪᠠᠶᠢᠭᠤᠯᠬᠤ᠂ ᠥᠭᠡᠷᠡᠴᠢᠯᠡᠯᠲᠡ ᠪᠠᠷ ᠴᠡᠷᠢᠭ ᠢᠶᠠᠨ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢᠶᠠᠨ ᠬᠦᠴᠦᠷᠬᠡᠭᠵᠢᠭᠦᠯᠬᠦ᠂ ᠴᠢᠳᠠᠪᠤᠷᠢᠲᠠᠨ ᠢᠶᠠᠷ ᠴᠡᠷᠢᠭ ᠢᠶᠠᠨ ᠬᠦᠴᠦᠷᠬᠡᠭᠵᠢᠭᠦᠯᠬᠦ᠂ ᠬᠠᠤᠯᠢ ᠶᠣᠰᠣᠭᠠᠷ ᠴᠡᠷᠢᠭ ᠢᠶᠠᠨ ᠵᠠᠰᠠᠬᠤ ᠶᠢ ᠪᠠᠷᠢᠮᠲᠠᠯᠠᠵᠦ᠂ ᠮᠠᠰᠢᠨᠴᠢᠯᠠᠯᠲᠠ ᠮᠡᠳᠡᠭᠡ ᠵᠠᠩᠭᠢᠵᠢᠯᠲᠠ ᠤᠶᠤᠨᠴᠢᠯᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ 2027 ᠤᠨ ᠤ ᠴᠡᠷᠢᠭ ᠪᠠᠶᠢᠭᠤᠯᠤᠬᠳᠠᠬᠰᠠᠨ ᠵᠠᠭᠤᠨ ᠵᠢᠯ ᠤᠨ ᠤᠢ ᠶᠢᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠣᠳᠠᠲᠤ ᠬᠦᠴᠦᠨ ᠪᠣᠯᠤᠨ ᠠᠵᠤ ᠠᠬᠤᠶ ᠶᠢᠨ ᠪᠣᠳᠠᠲᠤ ᠬᠦᠴᠦᠨ ᠢ ᠵᠡᠷᠭᠡ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠨᠢᠭᠡ ᠴᠣᠭᠴᠠᠵᠢᠭᠰᠠᠨ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠤᠨ ᠴᠢᠳᠠᠪᠤᠷᠢ ᠶᠢ ᠪᠠᠶᠢᠭᠤᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠠ᠂ ᠰᠢᠨ᠎ᠡ ᠪᠠᠷ ᠬᠥᠭᠵᠢᠭᠰᠡᠨ ᠬᠦᠷᠢᠶ᠎ᠠ ᠴᠠᠷᠠᠭ᠎ᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠬᠦ ᠬᠡᠷᠡᠭᠲᠡᠢ᠃    ᠪᠥᠬᠦᠳᠡ ᠬᠤᠷᠠᠯ ᠠᠴᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ  ᠪᠠᠷᠢᠮᠲᠠᠯᠠᠵᠦ᠂ ᠠᠯᠢᠪᠠ ᠢᠳᠡᠪᠬᠢ ᠬᠦᠴᠦᠨ ᠵᠦᠢᠯ ᠢ ᠭᠦᠢᠴᠡᠳ ᠳᠠᠶᠢᠴᠢᠯᠠᠵᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠥᠷᠭᠡᠨ ᠢᠶᠠᠷ ᠪᠦᠯᠬᠦᠮᠳᠡᠵᠦ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠵᠤ᠂ ᠲᠥᠯᠥᠪᠵᠢᠭᠦᠯᠭᠡ ᠲᠣᠭᠲᠠᠭᠠᠬᠤ ᠪᠠ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ ᠲᠠᠶᠢᠸᠠᠨ ᠬᠤᠭᠤᠯᠠᠶ ᠶᠢᠨ ᠬᠤᠶᠠᠷ ᠬᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠪᠠ ᠡᠬᠡ ᠤᠯᠤᠰ ᠤᠨ ᠨᠢᠭᠡᠳᠦᠯ ᠢ ᠠᠬᠢᠭᠤᠯᠬᠤ ᠬᠡᠷᠡᠭᠲᠡᠶ᠃ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠲᠡᠬᠦ ᠲᠤᠭ ᠢ ᠥᠨᠳᠥᠷ ᠮᠠᠨᠳᠤᠭᠤᠯᠵᠤ᠂ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠢᠳᠡᠪᠬᠢᠲᠡᠶ ᠪᠤᠢ ᠪᠣᠯᠭᠠᠵᠤ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠴᠠᠭ᠎ᠠ ᠪᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ  ᠴᠣᠭᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠪᠥᠬᠦᠳᠡ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠲᠡᠮᠡᠴᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠢᠯᠠᠯᠲᠠ ᠶᠢ ᠲᠡᠮᠡᠴᠡᠨ ᠣᠯᠰᠤᠭᠠᠢ ᠭᠡᠵᠦ ᠤᠷᠢᠶᠠᠯᠠᠭᠰᠠᠠ ᠪᠠᠶᠢᠨ᠎ᠠ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号