| ᠦᠪᠣᠷ ᠮᠣᠩᠭᠤᠯ ᠤᠨ ᠡᠳᠣᠷ ᠤᠨ ᠰᠤᠨᠢᠨ ᠤ 12 ᠰᠠᠷ᠎ᠠ ᠶᠢᠨ 8 ᠤ ᠡᠳᠣᠷ ᠤᠨ ᠮᠡᠳᠡᠭᠡ ︵ᠰᠤᠷᠪᠤᠯᠵᠢᠯᠠᠭᠴᠢ | ᠰᠤ᠋ ᠶᠦᠩ ᠱᠧᠩ︶ 12 ᠰᠠᠷ᠎ᠠ ᠶᠢᠨ 8 ᠤ ᠡᠳᠦᠷ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠦᠪᠣᠷ | ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠣᠳᠠᠯ ᠦᠭᠡᠢ ᠬᠤᠷᠠᠯᠳᠣᠬᠤ ᠭᠡᠵᠦ ᠪᠠᠶᠢᠭ᠎ᠠ ᠦᠪᠡᠷᠳᠡᠭᠡᠨ ᠵᠠᠰᠠᠬᠤ | ᠣᠷᠣᠨ ᠤ ᠬᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠳᠠᠨ ᠢ ᠬᠦᠬᠢᠭᠦᠯᠦᠨ ᠰᠠᠶᠢᠰᠢᠶᠠᠬᠤ ᠶᠡᠭᠡ | ᠬᠤᠷᠠᠯ ᠤᠨ ᠬᠠᠮᠢᠶ᠎ᠠ ᠪᠦᠬᠦᠢ ᠠᠭᠤᠯᠭ᠎ᠠ ᠵᠢᠴᠢ ᠪᠦᠬᠦ ᠣᠯᠣᠰ᠂ ᠦᠪᠡᠷᠳᠡᠭᠡᠨ ᠵᠠᠰᠠᠬᠤ ᠣᠷᠣᠨ ᠤ ᠬᠦᠳᠡᠯᠮᠦᠷᠢ ᠶᠢᠨ | ᠵᠢᠱᠢᠶᠡᠴᠢ ᠪᠣᠯᠣᠨ ᠲᠡᠷᠢᠭᠦᠨ ᠤ ᠠᠵᠢᠯᠳᠠᠨ ᠢ ᠳᠡᠪᠰᠢᠭᠦᠯᠦᠨ ᠳᠠᠨᠢᠯᠴᠠᠭᠤᠯᠵᠣ ᠰᠢᠯᠭᠠᠷᠠᠭᠤᠯᠣᠭᠰᠠᠨ ᠪᠠᠶᠢᠳᠠᠯ ᠢ ᠵᠠᠷᠯᠠᠨ | ᠮᠡᠳᠡᠭᠳᠡᠪᠡ᠃ | ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠵᠠᠳᠠᠷᠠᠭᠤᠯᠣᠭᠰᠠᠨ ᠢᠶᠠᠷ᠂ ᠦᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ 12 ᠰᠠᠷ᠎ᠠ ᠶᠢᠨ 10 ᠤ ᠡᠳᠦᠷ ᠬᠥᠬᠡᠬᠤᠲᠠ ᠳᠤ ᠥᠪᠡᠷᠲᠡᠭᠡᠨ ᠵᠠᠰᠠᠬᠤ ᠣᠷᠣᠨ ᠤ | ᠬᠦᠳᠡᠯᠮᠣᠷᠢ ᠶᠢᠨ ᠵᠢᠱᠢᠶᠡᠴᠢ ᠪᠣᠯᠤᠨ ᠲᠡᠷᠢᠭᠦᠨ ᠠᠵᠢᠯᠳᠡᠨ ᠢ ᠬᠦᠬᠢᠬᠦᠯᠣᠨ ᠰᠠᠶᠢᠰᠢᠶᠠᠬᠤ ᠶᠡᠭᠡ ᠬᠤᠷᠠᠯ | ᠬᠤᠷᠠᠯᠳᠣᠭᠤᠯᠵᠣ᠂ 2016 ᠤᠨ ᠠᠴᠠ ᠨᠠᠭᠠᠰᠢ ᠡᠯ᠎ᠠ ᠠᠵᠢᠯ ᠲᠦᠷᠦᠯ ᠤᠨ ᠲᠤᠪᠤᠶᠢᠮ᠎ᠠ ᠬᠤᠪᠢ ᠨᠡᠮᠡᠷᠢ | ᠭᠠᠷᠭᠠᠭᠰᠠᠨ 525 ᠦᠪᠡᠷᠳᠡᠭᠡᠨ ᠵᠠᠰᠠᠬᠤ ᠤᠷᠤᠨ ᠤ ᠬᠥᠳᠡᠯᠮᠦᠷᠢ ᠶᠢᠨ ᠵᠢᠱᠢᠶᠡᠴᠢ ᠪᠣᠯᠤᠨ 251 ᠦᠪᠡᠷᠳᠡᠭᠡᠨ | ᠵᠠᠰᠠᠬᠤ ᠤᠷᠤᠨ ᠤ ᠲᠡᠷᠢᠭᠦᠨ ᠤ ᠠᠵᠢᠯᠳᠡᠨ ᠢ ᠬᠦᠬᠢᠭᠦᠯᠦᠨ ᠰᠠᠶᠢᠰᠢᠶᠠᠬᠤ ᠪᠣᠯᠣᠨ᠎ᠠ᠃ | ᠣᠢᠢᠯᠠᠭᠠᠭᠰᠠᠨ ᠢᠶᠠᠷ᠂ ᠡᠨᠡ ᠤᠳᠠᠭᠠᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ | ᠰᠢᠯᠭᠠᠷᠠᠭᠤᠯᠬᠤ ᠠᠵᠢᠯ ᠨᠢ ᠥᠪᠡᠷᠲᠡᠭᠡᠨ ᠵᠠᠰᠠᠬᠤ ᠣᠷᠣᠨ ᠤ ᠭᠤᠷᠪᠠᠨ ᠪᠣᠭᠤᠮᠲᠠ ᠰᠢᠪᠲᠤᠯᠬᠤ ᠳᠠᠶᠢᠯᠠᠯᠳᠤᠭᠠᠨ᠂ | ᠴᠢᠨᠠᠷ ᠰᠠᠶᠢᠳᠠᠢ ᠬᠥᠭᠵᠢᠯᠲᠡ ᠪᠠ ᠭᠤᠣᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠲᠦᠷᠦᠯ ᠵᠦᠢᠯ ᠲᠠᠢ ᠨᠢᠭᠳᠠ | ᠣᠶᠠᠯᠳᠣᠭᠤᠯᠵᠣ᠂ ᠠᠵᠤ ᠠᠬᠤᠢ ᠶᠢᠨ ᠬᠦᠭᠵᠢᠯᠳᠠ ᠶᠢᠨ ᠨᠢᠭᠡᠳᠦᠭᠡᠷ ᠹᠷᠣᠨᠲ᠂ ᠰᠢᠨᠵᠢᠯᠡᠬᠦ ᠤᠬᠠᠭᠠᠨ ᠤ | ᠰᠤᠳᠤᠯᠭᠠᠨ ᠤ ᠰᠢᠨ᠎ᠡ ᠶᠢ ᠡᠬᠦᠳᠬᠦ ᠬᠤᠰᠢᠭᠤᠴᠢ ᠰᠢᠯᠢᠳᠡᠭ ᠬᠦᠳᠡᠯᠮᠦᠷᠢᠯᠡᠭᠴᠢᠳ ᠢᠶᠠᠷ ᠭᠤᠤᠯᠳᠠᠯᠭ᠎ᠠ ᠪᠤᠯᠭᠠᠵᠤ᠂ | ᠪᠠᠰᠠ 130 ᠲᠤᠰᠬᠠᠢ ᠲᠦᠷᠣᠯ ᠤᠨ ᠬᠦᠷᠢᠶᠡᠨ ᠤ ᠣᠷᠣᠨ ᠲᠤᠭ᠎ᠠ ᠲᠤᠬᠢᠷᠠᠭᠤᠯᠵᠠᠢ᠃ ᠰᠢᠯᠭᠠᠷᠠᠭᠤᠯᠬᠤ | ᠶᠠᠪᠣᠴᠠ ᠳᠤ᠂ ᠦᠨᠳᠦᠰᠦᠨ ᠱᠠᠲᠤ ᠪᠠ ᠨᠢᠭᠡᠳᠦᠭᠡᠷ ᠹᠷᠣᠨᠲ ᠲᠤ ᠬᠠᠨᠳᠤᠭᠤᠯᠬᠤ ᠶᠢ ᠪᠠᠷᠢᠮᠲᠠᠯᠠᠬᠤ ᠶᠢᠨ ᠬᠠᠮᠲᠤ | ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠡᠰᠡᠷᠬᠦᠴᠡᠭᠰᠡᠨ ᠨᠢᠭᠡᠳᠦᠭᠡᠷ ᠹᠷᠣᠨᠲ ᠤᠨ | ᠬᠦᠮᠣᠰ ᠳᠠᠰᠢ ᠬᠡᠯᠪᠠᠶᠢᠯᠭᠡᠪᠡ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢ | ᠰᠢᠯᠭᠠᠷᠠᠭᠤᠯᠬᠤ ᠳᠤ ᠠᠵᠤ ᠠᠬᠤᠢᠢᠯᠠᠯ ᠤᠨ ᠠᠵᠢᠯᠲᠠᠨ ᠠᠵᠢᠯᠴᠢᠨ ᠪᠠ ᠲᠤᠰᠬᠠᠢ ᠮᠡᠷᠭᠡᠵᠢᠯ ᠤᠨ ᠠᠵᠢᠯᠳᠠᠨ ᠢ | ᠶᠡᠷᠦᠩᠭᠡᠢ ᠲᠤᠭᠠᠨ ᠤ 45% ᠠᠴᠠ ᠲᠡᠭᠡᠭᠰᠢ ᠪᠠᠶᠢᠯᠭᠠᠬᠤ ᠶᠢ ᠱᠠᠭᠠᠷᠳᠠᠵᠤ᠂ ᠲᠡᠭᠡᠷ᠎ᠠ ᠬᠤᠭᠤᠴᠠᠭᠠᠨ ᠤ ᠬᠢ ᠠᠴᠠ | ᠵᠠᠭᠤᠨ ᠤ ᠬᠠᠷᠢᠴᠠᠯ ᠢᠶᠠᠷ 5 ᠬᠤᠪᠢ ᠳᠡᠭᠡᠭᠰᠢᠯᠡᠭᠦᠯᠵᠡᠢ᠃ ᠠᠵᠤ ᠠᠬᠤᠢᠢᠯᠠᠯ ᠤᠨ ᠬᠠᠷᠢᠭᠤᠴᠠᠯᠭᠠᠳᠠᠨ ᠢ ᠶᠡᠷᠦᠩᠭᠡᠢ | ᠲᠤᠭᠠᠨ ᠤ 5% ᠠᠴᠠ ᠳᠠᠪᠠᠭᠤᠯᠬᠤ ᠦᠭᠡᠢ ᠪᠠᠶᠢᠬᠤ ᠶᠢ ᠱᠠᠭᠠᠷᠳᠠᠵᠤ᠂ ᠲᠡᠭᠡᠷ᠎ᠠ ᠬᠤᠭᠤᠴᠠᠭᠠᠨ ᠤ ᠬᠢ ᠠᠴᠠ | ᠵᠠᠭᠤᠨ ᠤ ᠬᠠᠷᠢᠴᠠᠯ ᠢᠶᠠᠷ 3 ᠬᠤᠪᠢ ᠪᠠᠭᠤᠷᠠᠭᠤᠯᠵᠠᠢ᠃ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠪᠣᠢ ᠪᠦᠬᠦᠢ | ᠵᠢᠱᠢᠭᠳᠡᠭᠴᠢ ᠶᠢ ᠴᠦᠮ ᠦᠨᠳᠦᠰᠦᠨ ᠱᠠᠳᠣᠨ ᠤ ᠨᠢᠭᠡᠴᠢ ᠶᠢᠨ ᠠᠷᠠᠳᠴᠢᠯᠠᠯ ᠤᠨ ᠡᠮᠬᠢ ᠳᠠᠷᠠᠭᠠᠯᠠᠯ ᠢ ᠬᠡᠷᠡᠭᠵᠢᠭᠦᠯᠦᠨ | ᠳᠣᠣᠷ᠎ᠠ ᠠᠴᠠ ᠳᠡᠭᠡᠭᠰᠢ ᠱᠠᠳᠣ ᠱᠠᠳᠣ ᠪᠠᠷ ᠳᠡᠪᠰᠢᠭᠦᠯᠦᠨ ᠳᠠᠨᠢᠯᠴᠠᠭᠤᠯᠵᠣ᠂ ᠥᠪᠡᠷᠲᠡᠭᠡᠨ ᠵᠠᠰᠠᠬᠤ ᠣᠷᠣᠨ ᠤ | ᠬᠥᠳᠡᠯᠮᠦᠷᠢ ᠶᠢᠨ ᠵᠢᠱᠢᠶᠡᠴᠢ ᠶᠢ ᠬᠦᠬᠢᠭᠦᠯᠦᠨ ᠰᠠᠶᠢᠰᠢᠶᠠᠬᠤ ᠠᠵᠢᠯ ᠤᠨ ᠪᠡᠯᠡᠳᠬᠡᠯ ᠺᠣᠮᠢᠰ ᠤᠨ ᠠᠯᠪᠠᠨ ᠭᠡᠷ ᠠᠴᠠ | ᠴᠢᠩᠭ᠎ᠠ ᠬᠢᠨᠠᠨ ᠬᠠᠷᠭᠤᠭᠤᠯᠬᠤ ᠶᠢᠨ ᠬᠠᠮᠲᠤ ᠺᠠᠳ᠋ᠷ ᠤᠨ ᠬᠠᠮᠢᠶᠠᠷᠤᠯᠲᠠ ᠶᠢᠨ ᠡᠷᠬᠡ ᠮᠠᠲᠠᠯ ᠶᠣᠰᠣᠭᠠᠷ | ᠲᠠᠪᠰᠢᠬᠦᠯᠦᠭᠰᠡᠨ ᠵᠢᠱᠢᠭᠳᠡᠭᠰᠡᠳ ᠤᠨ ᠳᠣᠬᠠᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ 11 ᠨᠢᠭᠡᠴᠢ ᠶᠢᠨ ᠰᠠᠨᠠᠯ ᠢ | ᠲᠣᠰ ᠲᠣᠰ ᠬᠤᠷᠢᠶᠠᠬᠤ ᠶᠢᠨ ᠬᠠᠮᠳᠤ᠂ ᠪᠡᠯᠡᠳᠬᠡᠯ ᠵᠥᠪᠯᠡᠯ ᠤᠨ ᠡᠯ᠎ᠠ ᠭᠡᠰᠢᠭᠦᠳ ᠤᠨ ᠰᠠᠨᠠᠯ ᠢ ᠬᠤᠷᠢᠶᠠᠨ᠂ ᠪᠦᠬᠦ | ᠣᠯᠣᠰ᠂ ᠦᠪᠡᠷᠳᠡᠭᠡᠨ ᠵᠠᠰᠠᠬᠤ ᠣᠷᠣᠨ ᠬᠤᠶᠠᠷ ᠱᠠᠳᠤᠨ ᠤ ᠬᠥᠳᠡᠯᠮᠦᠷᠢ ᠶᠢᠨ ᠵᠢᠱᠢᠶᠡᠴᠢ ᠶᠢᠨ ᠦᠷᠭᠡᠨ ᠳᠡᠯᠭᠡᠷ | ᠲᠡᠷᠢᠬᠦᠨ ᠤ ᠴᠢᠨᠠᠷ᠂ ᠲᠦᠯᠦᠭᠡᠯᠡᠬᠦ ᠴᠢᠨᠠᠷ᠂ ᠣᠯᠠᠨ ᠲᠦᠮᠡᠨᠴᠢ ᠴᠢᠨᠠᠷ ᠢ ᠦᠨᠡᠨᠬᠦ ᠪᠠᠲᠤᠯᠠᠵᠠᠢ᠃ | ᠡᠭᠦᠨ ᠠᠴᠠ ᠭᠠᠳᠠᠨ᠎ᠠ᠂ ᠪᠦᠬᠦ ᠣᠯᠣᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠡᠨ ᠢ | ᠬᠦᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠦᠪᠡᠷᠳᠡᠭᠡᠨ ᠵᠠᠰᠠᠬᠤ ᠣᠷᠣᠨ ᠤ ᠪᠦᠬᠦ ᠣᠯᠣᠰ ᠤᠨ | ᠬᠥᠳᠡᠯᠮᠦᠷᠢ ᠶᠢᠨ ᠵᠢᠱᠢᠶᠡᠴᠢ 41 ᠬᠦᠮᠦᠨ᠂ ᠪᠦᠬᠦ ᠤᠯᠤᠰ ᠤᠨ ᠲᠡᠷᠢᠬᠦᠨ ᠤ ᠠᠵᠢᠯᠳᠠᠨ 20 ᠨᠡᠷᠡᠰ ᠪᠥᠬᠦ | ᠤᠯᠤᠰ ᠤᠨ ᠲᠡᠷᠢᠭᠦᠨ ᠤ ᠠᠵᠢᠯᠲᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠬᠥᠬᠢᠭᠦᠯᠦᠯ ᠢ ᠭᠥᠷᠳᠡᠪᠡ᠃ 61 ᠬᠥᠮᠦᠨ ᠤ ᠳᠣᠲᠣᠷ᠎ᠠ᠂ ᠠᠵᠤ ᠠᠬᠤᠢᠢᠯᠠᠯ ᠤᠨ ᠠᠵᠢᠯᠲᠠᠨ ᠠᠵᠢᠯᠴᠢᠨ ᠪᠠ | ᠪᠤᠰᠤᠳ ᠬᠥᠳᠡᠯᠮᠦᠷᠢᠴᠢᠨ 28 ᠬᠦᠮᠤᠨ᠂ ᠮᠠᠯᠴᠢᠨ ᠲᠠᠷᠢᠶᠠᠴᠢᠨ 13 ᠬᠦᠮᠤᠨ᠂ ᠪᠠᠶᠢᠭᠤᠯᠭ᠎ᠠ ᠠᠵᠢᠯ ᠦᠢᠯᠡᠰ | ᠤᠨ ᠨᠢᠭᠡᠴᠢ ᠶᠢᠨ ᠠᠵᠢᠯᠳᠠᠨ 20 ᠬᠦᠮᠤᠨ ᠪᠣᠢ᠃ |