ᠬᠢᠵᠢᠭ ᠲᠠᠢ ᠲᠡᠮᠡᠴᠡᠬᠦ ᠬᠤᠭᠤᠴᠠᠭᠠᠨ ᠳᠤ ᠶᠠᠭᠠᠬᠢᠵᠤ ᠢᠳᠡᠪᠠᠯ ᠠᠮᠤᠷ ᠲᠦᠪᠰᠢᠨ ᠪᠤᠢ︖
ᠨᠡᠶᠢᠲᠡᠯᠡᠭᠰᠡᠨ ᠴᠠᠭ᠄
2020/12/11
         ᠠᠰᠠᠭᠤᠯᠲᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠬᠦ ᠬᠤᠭᠤᠴᠠᠭᠠᠨ ᠳᠤ᠂ ᠬᠡᠷ ᠪᠦᠯᠢ ᠶᠢᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠪᠠ ᠬᠠᠳᠠᠭᠠᠯᠠᠬᠤ ᠳᠤ ᠶᠠᠭᠤ ᠶᠢ ᠠᠩᠬᠠᠷᠬᠤ ᠴᠢᠬᠤᠯᠠᠳᠠᠢ ᠪᠤᠢ︖   ᠬᠠᠷᠢᠭᠤᠯᠲᠠ᠄ 1. ᠵᠢᠩᠬᠢᠨᠢ ᠬᠠᠮ ᠳᠡᠯᠭᠡᠭᠦᠷ᠂ ᠨᠣᠭᠤᠭ᠎ᠠ ᠶᠢᠨ ᠳᠡᠯᠭᠡᠭᠦᠷ ᠵᠡᠷᠭᠡ ᠳᠤ ᠬᠦᠷᠴᠦ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠶᠢᠨ ᠬᠠᠮᠲᠤ ᠡᠷᠬᠡᠪᠰᠢ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠬᠡᠭᠡᠷ᠎ᠡ ᠶᠢᠨ ᠠᠮᠢᠲᠠᠨ ᠢ ᠬᠤᠳᠠᠯᠳᠤᠨ ᠠᠪᠬᠤ ᠪᠤᠶᠤ ᠢᠳᠡᠵᠦ ᠤᠬᠳᠤ ᠪᠣᠯᠬᠤ ᠦᠭᠡᠢ᠂ ᠠᠮᠢᠳᠤ ᠮᠠᠯ ᠵᠢᠭᠦᠷᠲᠡᠨ ᠢ ᠥᠪᠡᠷ ᠢᠶᠠᠨ ᠠᠯᠠᠵᠤ ᠨᠢᠳᠤᠯᠠᠵᠤ ᠪᠣᠯᠬᠤ ᠦᠭᠡᠢ᠂ ᠢᠷᠡᠯᠲᠡ ᠨᠢ ᠲᠣᠳᠣᠷᠬᠠᠢ ᠪᠤᠰᠤ ᠮᠠᠯ ᠵᠢᠭᠦᠷᠲᠡᠨ ᠤ ᠮᠢᠬ᠎ᠠ ᠶᠢ ᠢᠳᠡᠵᠦ ᠪᠣᠯᠬᠤ ᠦᠭᠡᠢ᠃   2. ᠢᠳᠡᠭᠡᠨ ᠢ ᠨᠥᠭᠡᠴᠡᠯᠡᠨ ᠬᠠᠳᠠᠭᠠᠯᠠᠬᠤ ᠦᠭᠡᠢ᠃ ᠠᠮᠠᠷᠬᠠᠨ ᠢᠯᠵᠢᠷᠡᠬᠦ ᠵᠢᠮᠢᠰ ᠨᠣᠭᠤᠭ᠎ᠠ ᠶᠢ ᠴᠢᠳᠠᠬᠤ ᠶᠢᠨ ᠬᠢᠷᠢ ᠪᠠᠷ ᠪᠠᠷᠢᠨ ᠬᠤᠳᠠᠯᠳᠤᠨ ᠠᠪᠴᠦ ᠪᠠᠷᠢᠨ ᠢᠳᠡᠨ᠎ᠡ᠃ ᠬᠠᠳᠠᠭᠠᠯᠠᠬᠤ ᠳᠤ ᠲᠡᠰᠪᠦᠷᠢᠲᠡᠶ ᠬᠥᠯᠳᠡᠭᠦᠤ ᠮᠢᠬᠠᠨ ᠤ ᠦᠢᠯᠡᠳᠭᠦᠨ ᠪᠠ ᠢᠳᠡᠰᠢᠨ ᠨᠣᠭᠤᠭ᠎ᠠ ᠵᠡᠷᠭᠡ ᠶᠢ ᠵᠣᠬᠢᠬᠤ ᠬᠡᠮᠵᠢᠶ᠎ᠡ ᠪᠠᠷ ᠬᠠᠳᠠᠭᠠᠯᠠᠵᠤ ᠪᠣᠯᠣᠨ᠎ᠠ᠃    3. ᠬᠤᠭᠤᠴᠠᠭ᠎ᠠ ᠬᠡᠲᠦᠷᠡᠭᠰᠡᠨ ᠢᠳᠡᠭᠡᠨ ᠢ ᠢᠳᠡᠬᠦ ᠦᠭᠡᠢ᠃    4. ᠢᠳᠡᠭᠡᠨ ᠤ ᠮᠠᠲ᠋ᠧᠷᠢᠶᠠᠯ ᠰᠤᠩᠭᠤᠬᠤ ᠳᠠᠭᠠᠨ ᠮᠢᠬ᠎ᠠ ᠨᠣᠭᠤᠭ᠎ᠠ ᠶᠢ ᠵᠤᠬᠢᠴᠠᠭᠤᠯᠬᠤ᠂ ᠪᠦᠳᠦᠭᠦᠯᠢᠭ ᠨᠠᠷᠢᠯᠢᠭ ᠢ ᠳᠡᠩᠴᠡᠭᠦᠷᠢᠰᠢᠭᠦᠯᠬᠦ ᠶᠢ ᠠᠩᠬᠠᠷᠴᠦ᠂ ᠰᠢᠨ᠎ᠡ ᠰᠣᠷᠭᠤᠭ ᠵᠢᠮᠢᠰ ᠨᠣᠭᠤᠭ᠎ᠠ ᠶᠢ ᠢᠯᠡᠭᠦᠦ ᠢᠳᠡᠪᠡᠯ ᠰᠠᠶᠢᠨ   ᠠᠰᠠᠭᠤᠯᠲᠠ᠄ ᠬᠤᠭᠤᠯᠠ ᠪᠡᠯᠡᠳᠭᠡᠬᠦ ᠳᠤ ᠶᠠᠭᠤ ᠶᠢ ᠠᠩᠬᠠᠷᠪᠠᠯ ᠵᠣᠬᠢᠬᠤ ᠪᠤᠢ︖   ᠬᠠᠷᠢᠭᠤᠯᠲᠠ᠄ 1. ᠢᠳᠡᠭᠡᠨ ᠢ ᠲᠦᠢᠯᠪᠤᠷᠢᠲᠠᠶ ᠴᠢᠨᠠᠵᠤ ᠪᠣᠯᠭᠤᠭᠠᠨ᠎ᠠ᠂ ᠦᠯᠡᠳᠡᠭᠰᠡᠨ ᠨᠣᠭᠤᠭ᠎ᠠ ᠪᠤᠳᠠᠭ᠎ᠠ ᠶᠢ ᠳᠠᠬᠢᠨ ᠢᠳᠡᠬᠦ ᠠᠴᠠ ᠡᠮᠦᠨ᠎ᠡ ᠳᠤᠤᠱᠳᠠᠢ ᠬᠠᠯᠠᠭᠤᠯᠤᠨ᠎ᠠ᠂ ᠠᠯᠢ ᠴᠢᠳᠠᠬᠤ ᠪᠠᠷ ᠬᠦᠢᠲᠡᠨ ᠵᠠᠭᠤᠰᠢ ᠢᠳᠡᠬᠦ ᠦᠭᠡᠢ᠃   2. ᠪᠡᠯᠡᠳᠭᠡᠭᠰᠡᠨ ᠢᠳᠡᠭᠡᠨ ᠢ ᠠᠯᠢ ᠲᠦᠷᠭᠡᠨ ᠢᠶᠠᠷ ᠢᠳᠡᠵᠦ ᠳᠠᠭᠤᠰᠬᠠᠨ᠎ᠠ᠂ ᠬᠡᠷᠪᠡ ᠲᠤᠬᠠᠢ ᠳᠤᠨᠢ ᠢᠳᠡᠵᠦ ᠳᠡᠶᠢᠯᠬᠦ ᠦᠭᠡᠢ ᠪᠣᠯ ᠪᠤᠯᠭᠤᠭᠰᠠᠨ ᠢᠳᠡᠭᠡᠨ ᠢ ᠭᠡᠷ ᠤᠨ ᠬᠡᠪ ᠤᠨ ᠳᠤᠯᠠᠭᠠᠨ ᠳᠣᠣᠷ᠎ᠠ ᠳᠠᠯᠪᠢᠬᠤ ᠴᠠᠭ ᠢ 2 ᠴᠠᠭ ᠠᠴᠠ ᠬᠡᠲᠦᠷᠡᠭᠦᠯᠬᠦ ᠦᠭᠡᠢ᠃   3. ᠬᠤᠭᠤᠯᠠ ᠬᠢᠭᠦ ᠶᠠᠪᠤᠴᠠ ᠳᠤ ᠢᠷᠲᠦ ᠪᠠᠭᠠᠵᠢ᠂ ᠠᠮᠪᠠᠨ᠂ ᠰᠠᠪᠠ ᠵᠡᠷᠭᠡ ᠶᠢ ᠲᠦᠭᠦᠭᠡᠢ ᠪᠠ ᠪᠣᠯᠭᠤᠭᠠᠭᠰᠠᠨ ᠢᠶᠠᠷ ᠰᠠᠯᠭᠠᠨ ᠬᠡᠷᠡᠭᠯᠡᠵᠦ᠂ ᠰᠣᠯᠪᠢᠴᠠᠨ ᠪᠣᠬᠢᠷᠲᠤᠬᠤ ᠠᠴᠠ ᠵᠠᠶᠢᠯᠠᠰᠭᠢᠨ᠎ᠡ᠃   4. ᠭᠠᠷ ᠢᠶᠠᠨ ᠦᠷᠭᠦᠯᠵᠢ ᠤᠬᠢᠶᠠᠨ᠎ᠠ᠃ ᠬᠤᠭᠤᠯᠠ ᠬᠢᠬᠦ ᠠᠴᠠ ᠡᠮᠦᠨ᠎ᠡ᠂ ᠬᠤᠭᠤᠯᠠ ᠬᠢᠬᠦ ᠶᠠᠪᠤᠴᠠ ᠳᠤ ᠴᠡᠪᠡᠷ ᠪᠤᠰᠤ ᠡᠳ᠋ ᠪᠣᠳᠠᠰ ᠪᠤᠶᠤ ᠭᠠᠳᠠᠭᠠᠯᠠᠭᠰᠠᠨ ᠤ ᠳᠠᠷᠠᠭ᠎ᠠ᠂ ᠬᠤᠭᠤᠯᠠ ᠬᠢᠵᠦ ᠪᠠᠷᠠᠭᠰᠠᠨ ᠤ ᠳᠠᠷᠠᠭ᠎ᠠ ᠪᠦᠷ ᠤᠷᠤᠰᠤᠮᠠᠯ ᠤᠰᠤ᠂ ᠭᠠᠷ ᠤᠬᠢᠶᠠᠬᠤ ᠰᠢᠩᠭᠡᠨ ᠡᠳ᠋ ︵ᠰᠠᠪᠤᠩ︶ ᠢ ᠬᠡᠷᠡᠭᠯᠡᠨ ᠭᠠᠷ ᠢᠶᠠᠨ ᠰᠠᠶᠢᠲᠤᠷ ᠤᠬᠢᠶᠠᠨ᠎ᠠ᠃   ᠠᠰᠠᠭᠤᠯᠳᠠ᠄ ᠬᠤᠭᠤᠯᠠᠨ ᠤ ᠰᠠᠪᠠ ᠬᠡᠷᠡᠭᠰᠡᠯ ᠢ ᠬᠡᠷᠬᠢᠨ ᠠᠷᠢᠭᠤᠳᠬᠠᠬᠤ ᠪᠣᠶ︖   ᠬᠠᠷᠢᠭᠤᠯᠲᠠ᠄ ᠬᠤᠭᠤᠯᠠᠨ ᠤ ᠬᠡᠷᠡᠭᠰᠡᠯ ᠢ ᠠᠷᠢᠭᠤᠳᠬᠠᠬᠤ ᠳᠤ ᠬᠠᠮᠤᠭ ᠤᠨ ᠲᠤᠰᠠ ᠲᠠᠢ᠂ ᠬᠠᠮᠤᠭ ᠤᠨ ᠠᠮᠤᠷ ᠲᠦᠪᠰᠢᠨ ᠠᠷᠭ᠎ᠠ ᠪᠣᠯ ᠬᠤᠭᠤᠯᠠᠨ ᠤ ᠬᠡᠷᠡᠭᠰᠡᠯ ᠢ ᠤᠬᠢᠶᠠᠵᠤ ᠴᠡᠪᠡᠷᠯᠡᠭᠰᠡᠨ ᠤ ᠳᠠᠷᠠᠭ᠎ᠠ᠂ ᠪᠤᠴᠠᠯᠤᠭᠰᠠᠨ ᠤᠰᠤᠨ ᠳᠤ ᠬᠢᠵᠦ 15 — 30 ᠮᠢᠨᠦ᠋ᠲ ᠪᠤᠴᠠᠯᠭᠠᠵᠤ ᠠᠷᠢᠭᠤᠳᠬᠠᠨ᠎ᠠ︔ ᠡᠰᠡᠬᠦᠯ᠎ᠡ ᠬᠤᠭᠤᠯᠠᠨ ᠤ ᠬᠡᠷᠡᠭᠰᠡᠯ ᠢ ᠤᠬᠢᠶᠠᠵᠤ ᠴᠡᠪᠡᠷᠯᠡᠭᠰᠡᠨ ᠤ ᠳᠠᠷᠠᠭ᠎ᠠ 15 — 30 ᠮᠢᠨᠦ᠋ᠲ ᠵᠢᠩᠨᠡᠨ᠎ᠡ︔ ᠪᠠᠰᠠ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ ᠳᠤ ᠲᠣᠬᠢᠷᠠᠮᠵᠢᠲᠠᠶ ᠬᠢᠮᠢ ᠶᠢᠨ ᠠᠷᠢᠭᠤᠳᠬᠠᠬᠤ ᠡᠳ᠋ ᠢ ᠬᠡᠷᠡᠭᠯᠡᠨ ᠲᠣᠳᠣᠷᠬᠠᠶᠢᠯᠠᠯᠲᠠ ᠶᠣᠰᠣᠭᠠᠷ ᠠᠷᠢᠭᠤᠳᠬᠠᠵᠤ ᠪᠣᠯᠣᠨ᠎ᠠ᠃  ᠠᠰᠠᠭᠤᠯᠲᠠ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠬᠤᠭᠤᠴᠠᠭᠠᠨ ᠳᠤ ᠪᠢᠳᠡ ᠢᠳᠡᠵᠤ ᠤᠤᠭᠤᠬᠤ ᠪᠠᠨ ᠭᠡᠷᠬᠢᠨ ᠲᠤᠬᠢᠷᠠᠭᠤᠯᠪᠠᠯ ᠵᠣᠬᠢᠬᠤ ᠪᠤᠢ︖  ᠬᠠᠷᠢᠭᠤᠯᠲᠠ᠄ ᠬᠤᠪᠢ ᠬᠥᠮᠦᠨ ᠤ ᠣᠨᠴᠠᠯᠢᠭ ᠢᠶᠠᠨ ᠦᠨᠳᠦᠰᠦᠯᠡᠨ ᠳᠤᠬᠢᠷᠠᠭᠤᠯᠵᠤ ᠢᠳᠡᠨ᠎ᠡ᠃ ᠮᠢᠬ᠎ᠠ ᠨᠣᠭᠤᠭ᠎ᠠ ᠶᠢ ᠵᠣᠬᠢᠴᠠᠭᠤᠯᠤᠨ᠂ ᠠᠮᠤ ᠪᠤᠷᠴᠠᠭ ᠢ ᠬᠤᠯᠢᠨ ᠢᠳᠡᠵᠤ᠂ ᠵᠢᠮᠢᠰ ᠨᠣᠭᠤᠭ᠎ᠠ ᠭᠦᠢᠴᠡᠳ ᠪᠠᠶᠢᠬᠤ ᠶᠢ ᠠᠩᠬᠠᠷᠴᠦ᠂ ᠲᠠᠷᠭᠤᠨ ᠮᠢᠬ᠎ᠠ᠂ ᠰᠢᠷᠠᠭᠰᠠᠨ ᠪᠠ ᠳᠠᠪᠤᠰᠤᠯᠠᠭᠰᠠᠨ ᠮᠢᠬᠠᠨ ᠢᠳᠡᠭᠡᠨ ᠢ ᠳᠤᠲᠠᠭᠤ ᠢᠳᠡᠨ᠎ᠡ᠃ ᠢᠯᠡᠬᠦᠭᠡᠨ ᠤᠰᠤ ᠤᠤᠭᠤᠵᠤ᠂ ᠪᠡᠶ᠎ᠡ ᠮᠠᠬᠠᠪᠤᠳ ᠤᠨ ᠴᠠᠷᠤᠯᠲᠠ ᠶᠢᠨ ᠴᠢᠳᠠᠪᠤᠷᠢ ᠪᠠ ᠡᠪᠡᠳᠴᠢᠨ ᠤ ᠪᠠᠺᠲ᠋ᠧᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠪᠡᠯ ᠵᠣᠬᠢᠨ᠎ᠠ᠃                                 ——  ᠡᠷᠡᠭᠦᠯ ᠡᠩᠬᠡ ᠳᠤᠮᠳᠠᠳᠤ ᠤᠯᠤᠰ  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号