ᠶᠡᠷᠦᠩᠬᠡᠶ ᠱᠦᠵᠢ ᠰᠢ ᠶᠢᠨ ᠫᠢᠩ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠠᠭᠤᠯᠤᠭᠳᠠᠵᠤ ᠪᠠᠶᠢᠭ᠎ᠠ | ᠦᠵᠡᠯ ᠰᠠᠨᠠᠭ᠎ᠠ ᠣᠶᠢᠯᠠᠭᠠᠭᠳᠠᠬᠤᠨ᠂ ᠰᠣᠶᠣᠯ ᠢᠷᠭᠡᠨᠰᠢᠯ ᠤᠨ ᠵᠣᠷᠢᠭ ᠰᠠᠨᠠᠭ᠎ᠠ᠂ ᠶᠣᠰᠣ ᠰᠤᠷᠲᠠᠬᠤᠨ ᠤ | ᠵᠢᠷᠤᠮᠵᠢᠯ ᠢ ᠭᠦᠨᠵᠡᠭᠡᠢ ᠠᠭᠤᠳᠠᠯᠬᠤ ᠭᠡᠷᠡᠭᠲᠠᠢ ᠭᠡᠪᠡ᠃ ᠦᠢᠷ᠎ᠡ ᠶᠢᠨ ᠵᠢᠯ ᠳᠤ᠂ ᠪᠦᠬᠦ ᠤᠯᠤᠰ ᠤᠨ ᠪᠤᠳᠠᠰ ᠤᠨ | ᠪᠤᠰᠤ ᠰᠤᠶᠤᠯ ᠤᠨ ᠦᠪ ᠤᠨ ᠠᠵᠢᠯ ᠨᠢ ︽ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠶᠢ ᠪᠠᠷᠢᠮᠲᠠᠯᠠᠵᠦ᠂ | ᠥᠷᠲᠡᠭ ᠢᠶᠠᠨ ᠪᠠᠳᠠᠷᠠᠭᠤᠯᠵᠤ᠂ ᠬᠥᠭᠵᠢᠭᠦᠯᠦᠨ ᠮᠠᠨᠳᠤᠭᠤᠯᠬᠤ︾ ᠬᠥᠭᠵᠢᠯᠲᠡ ᠶᠢᠨ ᠢᠨᠵᠧᠨᠧᠷᠢᠩ ᠢ ᠶᠡᠭᠡ ᠪᠠᠷ | ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ | ᠤᠨᠴᠠᠭᠠᠢᠢᠯᠠᠨ ᠮᠠᠨ ᠤ ᠤᠷᠤᠨ ᠪᠣᠳᠠᠰ ᠤᠨ ᠪᠤᠰᠤ ᠰᠣᠶᠣᠯ ᠤᠨ ᠥᠪ ᠤᠨ ᠣᠳᠣ ᠦᠶ᠎ᠡ ᠶᠢᠨ ᠦᠨ᠎ᠡ ᠥᠷᠲᠡᠭ ᠢ | ᠭᠦᠢᠴᠡᠳ ᠠᠭᠤᠳᠠᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠤᠯᠠᠮᠵᠢᠯᠠᠨ ᠵᠠᠯᠭᠠᠮᠵᠢᠯᠠᠬᠤ | ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠬᠢᠭᠡᠳ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠨᠢᠨ ᠳᠡᠭᠡᠷ᠎ᠡ ᠨᠢ ᠶᠠᠳᠠᠭᠤ ᠠᠴᠠ | ᠠᠩᠬᠢᠵᠢᠷᠠᠭᠤᠯᠬᠤ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠶᠡᠨᠳᠡᠰᠢ | ᠦᠬᠡᠢ ᠷᠢᠳᠢ ᠰᠢᠳᠢ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠤ ᠪᠠᠶᠢᠨ᠎ᠡ᠃ | ᠮᠠᠨ ᠤ ᠤᠷᠤᠨ ᠤᠢᠢᠷ᠎ᠠ ᠳᠤ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠪᠣᠳᠠᠰ ᠤᠨ ᠪᠤᠰᠤ ᠰᠣᠶᠣᠯ ᠤᠨ | ᠥᠪ ᠤᠨ ᠪᠠᠷᠠᠭ᠎ᠠ ᠬᠤᠳᠠᠯᠳᠤᠨ ᠠᠪᠬᠤ ᠪᠠᠶᠠᠷ ᠵᠡᠷᠭᠡ ᠤᠯᠠᠨ ᠠᠵᠢᠯᠯᠠᠭ᠎ᠠ ᠶᠢ ᠡᠷᠬᠢᠯᠡᠵᠦ᠂ ᠪᠠᠷᠠᠭ᠎ᠠ ᠬᠤᠳᠠᠯᠳᠤᠨ | ᠠᠪᠬᠤ ᠭᠤᠭᠴᠤᠭ᠎ᠠ ᠪᠠᠷ ᠳᠠᠮᠵᠢᠨ ᠪᠣᠳᠠᠰ ᠤᠨ ᠪᠤᠰᠤ ᠰᠣᠶᠣᠯ ᠤᠨ ᠥᠪ ᠤᠨ ᠭᠦᠭᠵᠢᠯᠲᠡ ᠶᠢ ᠳᠠᠶᠢᠴᠢᠯᠠᠵᠤ᠂ | ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠰᠢᠢᠳᠪᠦᠷᠢᠲᠦ ᠲᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠳᠤ ᠬᠦᠴᠦᠨ ᠨᠡᠮᠡᠷᠢᠯᠡᠵᠤ ᠪᠠᠶᠢᠨ᠎ᠡ᠃ | ᠪᠣᠳᠠᠰ ᠤᠨ ᠪᠤᠰᠤ ᠰᠣᠶᠣᠯ ᠤᠨ ᠥᠪ + ᠶᠠᠳᠠᠭᠤ ᠶᠢ ᠲᠡᠳᠬᠦᠬᠦ | ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠰᠢᠢᠳᠪᠦᠷᠢᠳᠦ ᠳᠠᠶᠢᠯᠠᠯᠳᠤᠭᠠᠨ ᠤ | ᠢᠯᠡᠯᠲᠡ ᠶᠢ ᠤᠯᠬᠤ ᠰᠡᠬᠦᠯ ᠬᠤᠷᠢᠶᠠᠬᠤ ᠵᠢᠯ ᠪᠤᠯᠤᠨ᠎ᠠ᠃ ᠡᠭᠦᠨ ᠳᠤ ᠰᠤᠶᠤᠯ ᠢᠶᠠᠷ ᠶᠠᠳᠠᠭᠤ ᠶᠢ ᠲᠡᠳᠬᠦᠬᠦ ᠡᠷᠴᠢᠮ | ᠮᠠᠰᠢ ᠶᠡᠭᠡ ᠪᠠᠶᠢᠵᠤ᠂ ᠮᠠᠨ ᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ | ᠳᠠᠶᠢᠯᠠᠯᠳᠤᠭᠠᠨ ᠳᠤ ᠮᠠᠰᠢ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠶᠤᠮ᠃ ᠰᠤᠶᠤᠯ ᠢᠶᠠᠷ ᠶᠠᠳᠠᠭᠤ ᠶᠢ | ᠲᠡᠳᠬᠦᠬᠦ ᠨᠢ ᠳᠥᠭᠦᠮᠬᠡᠨ ᠢᠶᠠᠷ ᠰᠢᠯᠵᠢᠭᠦᠯᠦᠨ ᠥᠭᠬᠦ ᠪᠢᠰᠢ᠂ ᠨᠡᠩ ᠴᠦ ᠳᠥᠭᠦᠮᠬᠡᠨ ᠢᠶᠠᠷ ᠠᠵᠢᠯ ᠣᠯᠭᠤᠬᠤ ᠪᠢᠰᠢ᠂ | ᠬᠠᠷᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠵᠢᠯᠴᠢ ᠬᠥᠳᠡᠯᠮᠦᠷᠢᠴᠢ ᠪᠠ ᠤᠶᠤᠨ ᠤᠬᠠᠭᠠᠨ ᠢᠶᠠᠷ | ᠳᠠᠮᠵᠢᠨ ᠶᠠᠳᠠᠭᠤ ᠠᠴᠠ ᠠᠩᠭᠢᠵᠢᠷᠠᠬᠤ ᠶᠢ ᠵᠤᠷᠢᠭᠵᠢᠭᠤᠯᠤᠭᠰᠠᠨ ᠪᠠᠶᠠᠷᠯᠠᠭᠤᠰᠢᠲᠠᠢ ᠶᠠᠪᠤᠳᠠᠯ ᠪᠣᠯᠬᠤᠷ ᠨᠢ ᠡᠨᠡ ᠨᠢ | ᠨᠢᠭᠡ ᠵᠦᠢᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠵᠤ ᠪᠠᠶᠢᠭ᠎ᠠ ᠶᠠᠪᠤᠳᠠᠯ ᠪᠣᠯᠬᠤ ᠶᠤᠮ᠃ | — ᠪᠣᠳᠠᠰ ᠤᠨ ᠪᠤᠰᠤ ᠰᠣᠶᠣᠯ ᠤᠨ ᠥᠪ ᠢᠶᠠᠷ ᠶᠠᠳᠠᠭᠤ ᠶᠢ ᠲᠡᠳᠬᠦᠬᠦ ᠭᠡᠳᠡᠭ ᠨᠢ ᠦᠨᠡᠨ ᠳᠡᠭᠡᠨ ᠵᠠᠷᠢᠮ | ᠤᠯᠠᠮᠵᠢᠯᠠᠯᠲᠤ ᠭᠠᠷ ᠤᠷᠠᠯᠠᠯ ᠵᠡᠷᠭᠡ ᠶᠢ ᠶᠠᠳᠠᠭᠤ ᠬᠦᠴᠢᠷᠳᠡᠯᠲᠡᠢ ᠡᠷᠦᠬᠡ ᠳᠤ ᠲᠦᠭᠡᠮᠡᠯᠵᠢᠭᠦᠯᠵᠦ᠂ ᠶᠠᠳᠠᠭᠤ | ᠬᠦᠴᠢᠷᠳᠡᠯᠲᠡᠢ ᠡᠷᠦᠬᠡ ᠶᠢᠨ ᠡᠳᠡᠭᠡᠷ ᠮᠡᠷᠭᠡᠵᠢᠯ ᠢ ᠡᠵᠡᠮᠰᠢᠬᠦ ᠪᠠᠷ ᠳᠠᠮᠵᠢᠨ ᠶᠠᠳᠠᠭᠤ ᠠᠴᠠ ᠠᠩᠭᠢᠵᠢᠷᠠᠬᠤ ᠶᠢ | ᠪᠡᠶᠡᠯᠡᠬᠦᠯᠬᠦ ᠶᠠᠪᠤᠳᠠᠯ ᠮᠦᠨ᠃ ᠶᠠᠳᠠᠭᠤ ᠬᠦᠴᠢᠷᠳᠡᠯᠲᠠᠢ ᠡᠷᠦᠬᠡ ᠨᠢ ᠪᠣᠳᠠᠰ ᠤᠨ ᠪᠤᠰᠤ ᠰᠣᠶᠣᠯ ᠤᠨ ᠥᠪ ᠤᠨ | ᠲᠠᠯ᠎ᠠ ᠶᠢᠨ ᠶᠠᠮᠠᠷ ᠨᠢᠭᠡᠨ ᠮᠡᠷᠭᠡᠵᠢᠯ ᠢ ᠡᠵᠡᠮᠰᠢᠳᠡᠭ ᠯᠡ ᠶᠤᠮ ᠪᠣᠯ᠂ ᠳᠠᠷᠤᠶ ᠭᠡᠷ ᠲᠡᠭᠡᠨ ᠠᠵᠢᠯ ᠣᠯᠬᠤ ᠪᠠ | ᠲᠤᠬᠠᠶ ᠶᠢᠨ ᠭᠠᠵᠠᠷ ᠲᠠᠭᠠᠨ ᠠᠵᠢᠯ ᠣᠯᠬᠤ ᠶᠢ ᠪᠡᠶᠡᠯᠡᠭᠦᠯᠵᠦ ᠪᠤᠯᠤᠨ᠎ᠠ᠂ ᠵᠢᠱᠢᠶᠡᠯᠡᠪᠡᠯ ᠨᠡᠬᠡᠮᠡᠯ᠂ ᠬᠠᠳᠬᠤᠮᠠᠯ᠂ | ᠴᠠᠭᠠᠰᠤᠨ ᠬᠠᠶᠢᠴᠢᠯᠠᠮᠠᠯ᠂ ᠮᠣᠩᠭᠤᠯ ᠬᠡᠷ ᠤᠨ ᠪᠠᠷᠢᠯᠭ᠎ᠠ ᠪᠦᠳᠦᠴᠡ ᠶᠢᠨ ᠤᠷ᠎ᠠ ᠮᠡᠷᠭᠡᠵᠢᠯ ᠵᠡᠷᠭᠡ ᠲᠥᠷᠥᠯ ᠵᠦᠢᠯ ᠢ | ᠭᠡᠷ ᠲᠡᠭᠡᠨ ᠬᠢᠵᠦ ᠪᠣᠯᠤᠨ᠎ᠠ᠃ ᠪᠠᠰᠠ ᠭᠠᠴᠠᠭ᠎ᠠ ᠪᠤᠶᠤ ᠦᠢᠯᠡᠳᠬᠡᠯ ᠤᠨ ᠭᠠᠵᠠᠷ ᠲᠤ ᠬᠢᠭᠰᠡᠨ ᠴᠦ ᠪᠣᠯᠤᠨ᠎ᠠ᠂ | ᠢᠩᠭᠢᠪᠡᠯ ᠶᠡᠭᠡ ᠬᠡᠮᠵᠢᠶᠡᠨ ᠤ ᠠᠵᠢᠯ ᠣᠯᠭᠤᠯᠲᠠ ᠶᠢ ᠰᠢᠢᠳᠪᠦᠷᠢᠯᠡᠵᠦ ᠴᠢᠳᠠᠨ᠎ᠠ ᠭᠡᠵᠦ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ | ᡁᠢ ᠯᠢᠶᠠᠩ ᠶᠠᠷᠢᠯ᠎ᠠ᠃ | ᠮᠣᠩᠭᠤᠯ ᠬᠡᠷ ᠤᠨ ᠪᠠᠷᠢᠯᠭ᠎ᠠ ᠶᠢᠨ ᠪᠦᠳᠦᠴᠡ ᠶᠢᠨ ᠤᠷ᠎ᠠ ᠮᠡᠷᠭᠡᠵᠢᠯ ᠤᠨ ᠲᠥᠷᠥᠯ ᠵᠦᠶ᠋ᠯ ᠨᠢ 2017 | ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ | ᠵᠦᠶ᠋ᠯ ᠤᠨ ᠨᠡᠷᠡᠰ ᠲᠤ ᠵᠢᠭᠰᠠᠭᠠᠭᠳᠠᠪᠠ᠃ ᠮᠣᠩᠭᠤᠯ ᠬᠡᠷ ᠤᠨ ᠪᠠᠷᠢᠯᠭ᠎ᠠ ᠪᠦᠳᠦᠴᠡ ᠶᠢᠨ ᠤᠷ᠎ᠠ ᠮᠡᠷᠭᠡᠵᠢᠯ ᠤᠨ | ᠵᠠᠯᠭᠠᠮᠵᠢᠯᠠᠭᠴᠢ ᠸᠠᠩ ᠶᠦᠩ ᠱᠠᠨ ᠪᠠᠭᠠᠷᠢᠨ ᠵᠡᠭᠦᠨ ᠬᠤᠰᠢᠭᠤᠨ ᠳᠤ ᠦᠨᠳᠦᠰᠦᠲᠡᠨ ᠤ ᠭᠠᠷ ᠤᠷᠠᠯᠠᠯ ᠤᠨ | ᠪᠦᠲᠦᠭᠡᠭᠳᠡᠬᠦᠨ ᠦᠶ᠋ᠯᠡᠳᠬᠦ ᠬᠢᠵᠠᠭᠠᠷᠲᠤ ᠺᠣᠮᠫᠠᠨᠢ ᠶᠢ ᠪᠠᠶᠢᠭᠤᠯᠪᠠ᠃ ᠲᠡᠷᠡ ᠪᠠᠷ ᠪᠣᠳᠠᠰ ᠤᠨ ᠪᠤᠰᠤ ᠰᠣᠶᠣᠯ ᠤᠨ | ᠥᠪ ᠤᠨ ᠲᠥᠷᠥᠯ ᠵᠦᠢᠯ ᠢ ᠠᠰᠢᠬᠯᠠ᠂ ᠭᠠᠴᠠᠭᠠᠨ ᠤ ᠪᠠᠨ ᠶᠠᠳᠠᠭᠤ ᠠᠴᠠ ᠠᠩᠭᠢᠵᠢᠷᠠᠭᠤᠯᠬᠤ ᠠᠬᠢᠴᠠ ᠶᠢ | ᠲᠦᠷᠭᠡᠳᠬᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠣᠯᠭᠤᠯᠲᠠ ᠶᠢᠨ ᠠᠰᠠᠭᠤᠳᠠᠯ ᠢ | ᠰᠢᠢᠳᠪᠦᠷᠢᠯᠡᠵᠦ᠂ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠦᠭᠰᠡᠨ ᠪᠢᠯᠡ︔ ᠲᠦᠡᠭᠯᠢᠶᠤᠤ ᠬᠤᠳᠡ ᠶᠢᠨ ᠬᠤᠷᠴᠢᠨ ᠲᠤᠭᠤᠷᠢᠭ ᠤᠨ ︽ᠰᠠᠷᠠᠯᠠᠩ ᠭᠠᠷ | ᠤᠷᠠᠯᠠᠯ ᠤᠨ ᠪᠦᠲᠦᠭᠡᠭᠳᠡᠬᠦᠨ ᠤ ᠺᠣᠮᠫᠠᠨᠢ︾ ᠨᠢ ᠶᠠᠳᠠᠭᠤ ᠬᠦᠴᠢᠷᠳᠡᠯᠲᠡᠶ ᠡᠷᠦᠬᠡ ᠲᠠᠢ ᠬᠠᠮᠲᠤᠷᠠᠯᠴᠠᠭᠠᠨ ᠤ | ᠰᠠᠨᠠᠮᠵᠢ ᠶᠢᠨ ᠪᠢᠴᠢᠭ ᠲᠣᠭᠲᠠᠵᠤ᠂ ᠶᠠᠳᠠᠭᠤ ᠬᠦᠴᠢᠷᠳᠡᠯᠲᠠᠢ ᠡᠷᠦᠭᠡ ᠶᠢ ᠳᠠᠶᠢᠴᠢᠯᠠᠨ ᠤᠷᠤᠯᠭ᠎ᠠ ᠶᠢ ᠨᠢ | ᠨᠡᠮᠡᠭᠳᠡᠬᠦᠯᠪᠡ ᠁ | ᠲᠦᠷᠦᠭᠦᠭᠡᠨ᠂ ᠲᠦᠡᠭᠯᠢᠶᠤᠤ ᠬᠤᠲᠠ ᠶᠢᠨ ᠬᠤᠷᠴᠢᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ | ︽ᠪᠣᠳᠠᠰ ᠤᠨ ᠪᠤᠰᠤ ᠰᠣᠶᠣᠯ ᠢᠶᠠᠷ ᠵᠢᠭᠤᠯᠴᠢᠯᠠᠯ ᠢ ᠬᠦᠭᠵᠢᠬᠦᠯᠵᠦ ᠠᠵᠦ ᠠᠬᠤᠢ ᠶᠢᠨ ᠬᠦᠭᠵᠢᠯᠲᠡ ᠶᠢ ᠲᠠᠶᠢᠴᠢᠯᠠᠬᠤ | ︾᠂ ᠰᠢᠷᠢᠰ ᠠᠵᠢᠯᠯᠠᠭ᠎ᠠ ᠶᠢ ᠡᠷᠬᠢᠯᠡᠵᠦ᠂ ᠬᠡᠷᠡᠭᠯᠡᠭᠡ ᠶᠢ ᠬᠥᠭᠵᠢᠭᠡᠪᠡ᠃ ᠲᠣᠰ ᠤᠳᠠᠭᠠᠨ ᠤ ᠰᠢᠷᠢᠰ ᠠᠵᠢᠯᠯᠠᠭ᠎ᠠ ᠨᠢ | ︽ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠪᠣᠳᠠᠰ ᠤᠨ ᠪᠤᠰᠤ ᠰᠣᠶᠣᠯ ᠤᠨ ᠥᠪ ᠢ | ᠤᠬᠠᠭᠤᠯᠬᠤ︾ ᠬᠡᠯᠪᠡᠷᠢ ᠪᠠᠷ ᠶᠠᠪᠤᠭᠳᠠᠵᠦ᠂ ᠬᠤᠷᠴᠢᠨ ᠲᠣᠭᠤᠷᠢᠭ ᠤᠨ ᠰᠢᠯᠢᠳᠡᠭ ᠤᠯᠠᠮᠵᠢᠯᠠᠯᠲᠤ ᠰᠣᠶᠣᠯ ᠢ | ᠭᠦᠨᠵᠡᠭᠡᠶ ᠠᠭᠤᠳᠠᠯᠵᠤ᠂ ᠬᠤᠷᠴᠢᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠷᠭ᠎ᠠ | ᠬᠡᠯᠪᠡᠷᠢ ᠶᠢᠨ ᠰᠢᠨ᠎ᠡ ᠶᠢ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠤᠯᠠᠮᠵᠢᠯᠠᠭᠴᠢ ᠶᠢᠨ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠶᠢᠨ ᠴᠢᠳᠠᠪᠤᠷᠢ ᠶᠢ ᠨᠡᠮᠡᠭᠳᠡᠭᠦᠯᠪᠡ᠃ ᠰᠣᠶᠣᠯ ᠤᠨ | ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠵᠦ᠂ ︽ᠪᠣᠳᠠᠰ ᠤᠨ ᠪᠤᠰᠤ ᠰᠣᠶᠣᠯ ᠤᠨ ᠥᠪ ᠤᠨ ᠠᠵᠤ ᠠᠬᠤᠢ︾ | ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ ᠬᠦᠴᠦᠯᠡᠵᠦ᠂ ᠰᠣᠶᠣᠯ ᠢᠶᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠠᠶᠢᠨ᠎ᠠ︔ ᠤᠯᠠᠭᠠᠨᠴᠠᠪ ᠬᠤᠲᠠ ᠶᠢᠨ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤ ᠨᠢ ᠴᠠᠬᠠᠷ ᠰᠣᠶᠣᠯ ᠢ ᠠᠭᠤᠳᠠᠯᠬᠤ᠂ ᠬᠠᠮᠠᠭᠠᠯᠠᠬᠤ᠂ ᠤᠯᠠᠮᠵᠢᠯᠠᠬᠤ ᠪᠠ | ᠬᠥᠭᠵᠢᠭᠦᠯᠬᠦ ᠶᠢ ᠴᠢᠬᠤᠯᠠᠴᠢᠯᠠᠵᠤ᠂ ᠴᠠᠬᠠᠷ ᠰᠣᠶᠣᠯ ᠢ ᠰᠤᠳᠤᠯᠬᠤ᠂ ᠬᠠᠮᠠᠭᠠᠯᠠᠬᠤ᠂ ᠤᠯᠠᠮᠵᠢᠯᠠᠬᠤ ᠪᠠ ᠠᠵᠤ | ᠦᠢᠯᠡᠰᠵᠢᠭᠦᠯᠦᠨ ᠬᠥᠭᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠴᠠᠬᠠᠷ ᠰᠣᠶᠣᠯ ᠤᠨ ᠨᠡᠷᠡᠲᠦ ᠲᠦᠷᠦᠯ | ᠲᠡᠮᠳᠡᠭ ᠤᠨ ᠴᠣᠭᠴᠠᠯᠠᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠶᠢᠨ ᠬᠠᠮᠲᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠳᠤ ᠣᠳᠣ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠲᠥᠷᠥᠯ ᠵᠦᠢᠯ 4 ᠪᠠᠶᠢᠵᠤ᠂ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ | ᠵᠦᠢᠯ 37᠂ ᠬᠤᠰᠢᠭᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 57 ᠪᠣᠶ᠃ | ᠡᠭᠦᠨ ᠳᠤ ᠦᠨᠳᠦᠰᠦᠲᠡᠨ ᠤ ᠬᠤᠪᠴᠠᠰᠤ ᠵᠠᠰᠠᠯ᠂ ᠦᠨᠳᠦᠰᠦᠲᠡᠨ ᠤ ᠭᠠᠷ ᠤᠷᠠᠯᠠᠯ᠂ ᠦᠨᠳᠦᠰᠦᠲᠡᠨ ᠤ ᠳᠠᠭᠤᠤ | ᠪᠥᠵᠢᠭ᠂ ᠦᠨᠳᠦᠰᠦᠲᠡᠨ ᠤ ᠢᠳᠡᠭᠡᠨ ᠤᠮᠳᠠᠭᠠᠨ᠂ ᠴᠠᠬᠠᠷ ᠬᠤᠷᠢᠮ ᠤᠨ ᠶᠣᠰᠣᠯᠠᠯ᠂ ᠮᠣᠩᠭᠤᠯ ᠡᠮ ᠡᠮᠨᠡᠯᠭᠡ᠂ | ᠨᠠᠭᠠᠳᠤᠮ ᠲᠤᠬᠯᠠᠭᠠᠮ᠂ ᠲᠩᠷᠢ ᠲᠠᠬᠢᠬᠤ᠂ ᠭᠠᠯ ᠲᠠᠬᠢᠬᠤ᠂ ᠣᠪᠣᠭ᠎ᠠ ᠲᠠᠬᠢᠬᠤ ᠵᠡᠷᠭᠡ ᠪᠠᠷ ᠲᠥᠯᠥᠭᠡᠯᠡᠭᠦᠯᠦᠭᠰᠡᠨ | ᠪᠣᠳᠠᠰ ᠤᠨ ᠪᠤᠰᠤ ᠰᠢᠯᠢᠳᠡᠭ ᠰᠣᠶᠣᠯ ᠤᠨ ᠥᠪ ᠢ ᠪᠠᠭᠲᠠᠭᠠᠪᠠ᠃ ᠲᠤᠰ ᠬᠤᠰᠢᠭᠤᠨ ᠤ ᠴᠠᠭᠠᠨ ᠣᠪᠣᠭ᠎ᠠ | ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠶ᠋ᠯᠡᠳᠬᠦ ᠬᠢᠵᠠᠭᠠᠷᠲᠤ ᠺᠣᠮᠫᠠᠨᠢ ᠪᠣᠯ ᠭᠠᠷ ᠤᠷᠠᠯᠠᠯ | ᠦᠢᠯᠡᠳᠬᠦ ᠪᠠ ᠪᠣᠷᠣᠯᠠᠭᠤᠯᠬᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ᠎ᠠ᠃ ᠬᠠᠮᠲᠤ ᠶᠢᠨ ᠠᠵᠤ | ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠥᠯᠥᠭᠡ᠂ 80 ᠲᠦᠮᠡᠨ ᠲᠥᠭᠦᠷᠢᠭ ᠤᠨ ᠪᠠᠯᠠ ᠣᠷᠣᠭᠤᠯᠵᠤ᠂ | ᠨᠢᠳᠤᠨᠤᠨ ᠵᠢᠯ ᠤᠨ ᠡᠴᠦᠰ ᠲᠤ ᠭᠠᠴᠠᠭᠠᠨ ᠤ ᠪᠠᠨ ᠬᠠᠮᠲᠤ ᠶᠢᠨ ᠠᠵᠤ ᠠᠬᠤᠶ ᠳᠤ 7.68 ᠲᠦᠮᠡᠨ ᠲᠥᠭᠦᠷᠢᠭ ᠤᠨ | ᠠᠰᠢᠭ ᠣᠷᠣᠯᠭ᠎ᠠ ᠤᠯᠭᠤᠪᠠ᠃ | ᠤᠯᠠᠮᠵᠢᠯᠠᠯᠲᠤ ᠰᠣᠶᠣᠯ ᠤᠨ ᠠᠵᠤ ᠦᠢᠯᠡᠰᠵᠢᠯᠲᠡ ᠶᠢᠨ ᠬᠥᠭᠵᠢᠯᠲᠡ ᠪᠠᠷ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠶᠢ ᠠᠬᠢᠭᠤᠯᠤᠭᠰᠠᠳ ᠲᠤ ᠪᠠᠰᠠ ᠤᠯᠠᠭᠠᠨᠴᠠᠪ ᠤᠨ ᠴᠢᠨᠳᠠᠮᠤᠨᠢ ᠦᠨᠳᠦᠰᠦᠲᠡᠨ ᠤ ᠬᠤᠪᠴᠠᠰᠤ | ᠵᠠᠰᠠᠯ ᠦᠢᠯᠡᠳᠬᠦ ᠬᠢᠵᠠᠭᠠᠷᠲᠤ ᠺᠣᠮᠫᠠᠨᠢ ᠪᠤᠢ᠂ ᠴᠠᠬᠠᠷ ᠰᠣᠶᠣᠯ ᠢ ᠬᠠᠮᠠᠭᠠᠯᠠᠨ ᠤᠯᠠᠮᠵᠢᠯᠠᠵᠤ᠂ ᠬᠥᠭᠵᠢᠭᠦᠯᠦᠭᠰᠡᠨ | ᠰᠠᠭᠤᠷᠢᠨ ᠳᠡᠭᠡᠷ᠎ᠡ᠂ ᠡᠵᠡᠩᠨᠡᠯᠲᠡ ᠶᠢᠨ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠲᠤᠬᠠᠢ ᠶᠢᠨ | ᠭᠠᠵᠠᠷ ᠤᠨ ᠵᠠᠰᠠᠭ ᠣᠨ ᠣᠷᠳᠣᠨ ᠢ ᠬᠠᠪᠰᠤᠷᠤᠨ ᠶᠠᠳᠠᠭᠤ ᠬᠦᠴᠢᠷᠳᠡᠯᠲᠡᠢ ᠬᠥᠮᠦᠨ ᠠᠮᠠ᠂ ᠮᠠᠯᠵᠢᠬᠤ ᠲᠠᠷᠢᠶᠠᠯᠠᠬᠤ | ᠣᠷᠣᠨ ᠤ ᠶᠠᠳᠠᠭᠤ ᠬᠦᠴᠢᠷᠳᠡᠯᠲᠠᠢ ᠭᠡᠷ ᠪᠦᠯᠢ ᠶᠢᠨ ᠡᠮᠡᠭᠲᠡᠶᠢᠴᠦᠳ ᠢ ᠬᠠᠪᠰᠤᠷᠤᠨ ᠠᠵᠢᠯ ᠣᠯᠬᠤ ᠠᠰᠠᠭᠤᠳᠠᠯ ᠢ | ᠰᠢᠢᠳᠪᠦᠷᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠦᠷᠨᠢᠭᠦᠯᠪᠡ᠃ ᠨᠢᠳᠤᠨᠤᠨ ᠵᠢᠯ ᠳᠤ | 120 ᠶᠠᠳᠠᠭᠤ ᠬᠦᠴᠢᠷᠳᠡᠯᠲᠠᠢ ᠭᠡᠷ ᠪᠦᠯᠢ ᠶᠢᠨ ᠡᠮᠡᠭᠲᠡᠶᠢᠴᠦᠳ ᠪᠠ ᠵᠡᠮᠳᠡᠭᠴᠦᠳ ᠲᠤ ᠪᠤᠯᠪᠠᠰᠤᠷᠠᠯ ᠬᠦᠷᠳᠡᠭᠡᠵᠦ | 15 ᠠᠵᠢᠯ ᠤᠨ ᠪᠠᠶᠢᠷᠢ ᠬᠠᠩᠭᠠᠪᠠ᠃ | 2019 ᠣᠨ ᠤ 4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠠᠴᠠ | ᠭᠠᠷᠭᠠᠬᠤ ᠪᠠᠷ ᠲᠣᠭᠲᠠᠪᠠ᠃ | ᠢᠨᠲ᠋ᠧᠷ ᠰᠦᠯᠵᠢᠶ᠎ᠡ + ᠪᠣᠳᠠᠰ ᠤᠨ ᠪᠤᠰᠤ ᠰᠤᠶᠤᠯ ᠤᠨ ᠥᠪ | ᠰᠦᠯᠵᠢᠶᠡᠨ ᠳᠡᠭᠡᠷᠡᠬᠢ ᠠᠵᠦ ᠠᠬᠤᠢ ᠦᠷᠨᠢᠨ ᠭᠦᠭᠵᠢᠵᠦ ᠪᠠᠶᠢᠭ᠎ᠠ ᠦᠨᠦᠳᠦᠷ᠂ ᠪᠤᠳᠠᠰ ᠤᠨ ᠪᠤᠰᠤ | ᠰᠤᠶᠤᠯ ᠤᠨ ᠦᠪ ᠤᠨ ᠪᠦᠲᠦᠭᠡᠭᠳᠡᠭᠦᠨ ᠨᠢ ᠪᠠᠰᠠ ᠰᠦᠯᠵᠢᠶᠡᠨ ᠤ ᠬᠦᠴᠦᠨ ᠳᠤ ᠲᠦᠰᠢᠭᠯᠡᠨ᠂ ᠤᠯᠠᠮᠵᠢᠯᠠᠯ ᠪᠠ | ᠴᠠᠭ ᠦᠶ᠎ᠡ ᠶᠢ ᠤᠶᠠᠯᠳᠤᠭᠤᠯᠤᠭᠰᠠᠨ ᠰᠢᠨ᠎ᠡ ᠬᠦᠭᠵᠢᠯᠲᠡ ᠶᠢᠨ ᠵᠠᠮ ᠢ ᠡᠷᠢᠯᠬᠢᠯᠡᠨ᠎ᠡ᠃ | 6 ᠰᠠᠷ᠎ᠠ ᠶᠢᠨ 13 ᠤ ᠡᠳᠦᠷ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ | ᠪᠠᠯᠭᠠᠰᠤᠨ ᠳᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠪᠣᠳᠠᠰ ᠤᠨ ᠪᠤᠰᠤ ᠰᠤᠶᠤᠯ ᠤᠨ ᠥᠪ ᠢ | ᠤᠬᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠬᠢᠯᠡᠪᠡ᠃ ᠠᠵᠢᠯᠯᠠᠭ᠎ᠠ ᠨᠢ ︽ᠪᠤᠳᠠᠰ ᠤᠨ ᠪᠤᠰᠤ ᠰᠤᠶᠤᠯ ᠤᠨ ᠦᠪ ᠢ | ᠵᠠᠯᠭᠠᠮᠵᠢᠯᠠᠵᠤ᠂ ᠡᠷᠡᠭᠦᠯ ᠡᠩᠭᠡ ᠠᠮᠢᠳᠤᠷᠠᠯ ᠢ ᠪᠤᠢ ᠪᠤᠯᠭᠠᠬᠤ︾ ᠪᠠᠷ ᠭᠤᠣᠯ ᠰᠡᠳᠦᠪ ᠪᠣᠯᠭᠠᠵᠤ᠂ ᠠᠵᠢᠯᠯᠠᠭ᠎ᠠ ᠶᠢᠨ | ᠲᠤᠬᠠᠶ ᠶᠢᠨ ᠲᠠᠯᠠᠪᠠᠶ ᠳᠤ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠬᠤᠪᠢᠶᠠᠷᠢ | ᠥᠷᠲᠡᠭᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠭᠦᠵᠦ ᠠᠵᠢᠯ ᠣᠯᠭᠤᠬᠤ | ᠦᠢᠯᠡᠳᠭᠡᠯ ᠤᠨ ᠭᠠᠵᠠᠷ ᠲᠤ ᠫᠠᠶᠢᠰᠠ ᠣᠯᠭᠤᠬᠤ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠤᠨ ᠮᠤᠨᠢ | ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠣᠷᠣᠵᠤ ᠰᠠᠭᠤᠬᠤ ᠭᠡᠷ᠎ᠡ | ᠲᠣᠭᠲᠠᠬᠤ ᠵᠡᠷᠭᠡ ᠠᠵᠢᠯᠯᠠᠭ᠎ᠠ ᠶᠢ ᠥᠷᠨᠢᠭᠦᠯᠪᠡ᠃ ᠡᠭᠦᠨ ᠤ ᠬᠠᠮᠲᠤ᠂ ᠲᠤᠬᠠᠶ ᠶᠢᠨ ᠲᠠᠯᠠᠪᠠᠶ ᠳᠤ ᠪᠠᠰᠠ ᠪᠣᠳᠠᠰ ᠤᠨ | ᠪᠤᠰᠤ ᠰᠣᠶᠣᠯ ᠤᠨ ᠥᠪ ᠤᠨ ︽ᠨᠢᠭᠡ ᠬᠠᠤᠯᠢ ᠨᠢᠭᠡ ᠲᠦᠷᠢᠮ︾ ᠤᠨ ᠤᠬᠠᠭᠤᠯᠭ᠎ᠠ᠂ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ | ᠠᠵᠢᠯᠯᠠᠭ᠎ᠠ ᠶᠠᠪᠤᠭᠳᠠᠪᠠ᠃ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠪᠤᠳᠠᠰ ᠤᠨ ᠪᠤᠰᠤ ᠰᠤᠶᠤᠯ ᠤᠨ ᠥᠪ ᠢ | ᠦᠵᠡᠮᠵᠢ ᠶᠢᠨ ᠣᠷᠣᠨ ᠳᠤ ᠤᠷᠤᠭᠤᠯᠬᠤ ᠶᠢᠨ ᠬᠠᠮᠲᠤ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ | ᠥᠪ ᠤᠨ ᠵᠢᠵᠢᠭ ᠪᠠᠯᠭᠠᠰᠤᠨ ᠳᠤ ᠦᠷᠭᠦᠯᠵᠢᠯᠡᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠤᠯᠠᠮᠵᠢᠯᠠᠨ ᠵᠠᠯᠭᠠᠮᠵᠢᠯᠠᠭᠴᠢ ᠶᠢᠨ ᠤᠷ᠎ᠠ ᠮᠡᠷᠭᠡᠵᠢᠯ ᠤᠨ ᠦᠵᠡᠭᠦᠯᠭᠡ᠂ ᠦᠢᠯᠡᠳᠭᠦᠨ ᠤ ᠪᠣᠷᠣᠯᠠᠭᠤᠯᠭ᠎ᠠ ᠵᠢᠴᠢ | ᠪᠤᠰᠤᠳ ᠬᠠᠷᠢᠯᠴᠠᠨ ᠦᠢᠯᠡᠳᠦᠯᠴᠡᠨ ᠰᠣᠯᠢᠯᠴᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠪᠡ᠃ | ᠰᠦᠯᠵᠢᠶᠡᠨ ᠳᠡᠭᠡᠷᠡᠬᠢ ᠠᠵᠢᠯᠯᠠᠭ᠎ᠠ ᠨᠢ ᠴᠦ ᠭᠤᠶᠢᠳᠠ ᠰᠠᠶᠢᠬᠠᠨ ᠪᠤᠯᠪᠠ᠃ ᠥᠪᠥᠷ ᠮᠣᠩᠭᠤᠯ ᠤᠨ | ᠦᠵᠡᠰᠬᠦᠯᠡᠩ ᠤᠨ ᠣᠷᠳᠣᠨ ᠳᠤ ︽ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠷᠠᠭ᠎ᠠ | ᠬᠤᠳᠠᠯᠳᠤᠨ ᠠᠪᠬᠤ ᠪᠠᠶᠠᠷ︾ ᠤᠨ ᠰᠢᠭᠤᠳ ᠨᠡᠪᠲᠡᠷᠡᠭᠦᠯᠭᠡ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠵᠦ᠂ ︽ | ᠥᠪᠥᠷ ᠮᠣᠩᠭᠤᠯ ᠤᠨ ᠪᠣᠳᠠᠰ ᠤᠨ ᠪᠤᠰᠤ ᠰᠤᠶᠤᠯ ᠤᠨ ᠥᠪ ᠤᠨ ᠣᠷᠳᠣᠨ︾ ᠡᠯᠧᠺᠳ᠋ᠷᠣᠨ ᠬᠤᠳᠠᠯᠳᠤᠭᠠᠨ ᠤ | ᠲᠠᠪᠴᠠᠩ ᠳᠤ ᠭᠠᠷᠬᠤ ᠶᠣᠰᠣᠯᠠᠯ ᠢ ᠶᠠᠪᠤᠭᠳᠠᠭᠤᠯᠵᠤ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ | ᠥᠪ ᠤᠨ ︽ᠨᠢᠭᠡ ᠭᠠᠵᠠᠷ ᠨᠢᠭᠡ ᠲᠡᠮᠲᠡᠭᠲᠦ︾ ᠲᠤᠰᠬᠠᠶ ᠲᠠᠯᠠᠪᠤᠷ ᠤᠨ ᠰᠢᠭᠤᠳ ᠨᠡᠪᠲᠡᠷᠡᠭᠦᠯᠦᠨ ᠬᠤᠳᠠᠯᠳᠤᠬᠤ ᠶᠢ | ᠦᠷᠨᠢᠭᠦᠯᠪᠡ᠃ ︽ᠨᠢᠭᠡ ᠭᠠᠵᠠᠷ ᠨᠢᠭᠡ ᠲᠡᠮᠳᠡᠭᠲᠦ︾ ᠨᠢ ᠥᠪᠥᠷ ᠮᠣᠩᠭᠤᠯ ᠤᠨ 12 ᠠᠶᠢᠮᠠᠭ ᠬᠤᠲᠠ ᠶᠢᠨ 21 | ᠪᠣᠳᠠᠰ ᠤᠨ ᠪᠤᠰᠤ ᠰᠤᠶᠤᠯ ᠤᠨ ᠥᠪ ᠤᠨ ᠬᠤᠳᠠᠯᠳᠤᠭᠠᠴᠢᠨ ᠤ 40 ᠭᠠᠷᠤᠶ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠰᠣᠩᠭᠤᠵᠤ᠂ ᠡᠯ᠎ᠡ ᠡᠯᠧᠺᠳ᠋ᠷᠣᠨ ᠬᠤᠳᠠᠯᠳᠤᠭᠠᠨ ᠤ | ᠲᠠᠪᠴᠠᠩ ᠳᠤ᠂ ︽ᠦᠢᠯᠡᠳᠬᠦᠨ ᠤ ᠳᠡᠯᠭᠡᠨ ᠪᠣᠷᠣᠯᠠᠭᠤᠯᠤᠯᠲᠠ + ᠰᠣᠶᠣᠯ ᠤᠨ ᠳᠡᠯᠭᠡᠷᠡᠭᠦᠯᠦᠯᠲᠡ︾ ᠶᠢᠨ | ᠵᠠᠭᠪᠤᠷ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠲᠥᠯᠥᠭᠡᠯᠡᠬᠦ ᠴᠢᠨᠠᠷᠲᠠᠶ ᠪᠣᠳᠠᠰ ᠤᠨ ᠪᠤᠰᠤ ᠰᠣᠶᠣᠯ ᠤᠨ | ᠥᠪ ᠤᠨ ᠦᠢᠯᠡᠳᠬᠦᠨ ᠢ ᠪᠤᠷᠤᠯᠠᠭᠤᠯᠵᠤ᠂ ᠥᠪᠥᠷ ᠮᠣᠩᠭᠤᠯ ᠤᠨ ᠰᠢᠯᠢᠳᠡᠭ ᠤᠯᠠᠮᠵᠢᠯᠠᠯᠲᠤ ᠰᠣᠶᠣᠯ ᠢ ᠤᠬᠠᠭᠤᠯᠪᠠ | ᠃ | ᠰᠢᠭᠤᠳ ᠨᠡᠪᠲᠡᠷᠡᠭᠦᠯᠦᠨ ᠪᠣᠷᠣᠯᠠᠭᠤᠯᠬᠤ ᠦᠢᠯᠡᠳᠭᠦᠨ ᠨᠢ ᠤᠯᠠᠮᠵᠢᠯᠠᠯᠲᠤ ᠭᠠᠷ ᠤᠷᠠᠯᠠᠯ᠂ ᠢᠳᠡᠭᠡᠨ | ᠤᠮᠳᠠᠭᠠᠨ ᠤ ᠲᠦᠷᠦᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ | ᠵᠢᠴᠢ ᠪᠤᠳᠠᠰ ᠤᠨ ᠪᠤᠰᠤ ᠰᠤᠶᠤᠯ ᠤᠨ ᠦᠪ ᠤᠨ ᠪᠦᠲᠦᠭᠡᠭᠳᠡᠭᠦᠨ ᠵᠡᠷᠭᠡ ᠥᠪᠥᠷ ᠮᠣᠩᠭᠤᠯ ᠤᠨ ᠣᠨᠴᠠᠯᠢᠭ ᠲᠠᠢ | 50 ᠭᠠᠷᠤᠶ ᠵᠦᠢᠯ ᠤᠨ ᠪᠤᠳᠠᠰ ᠤᠨ ᠪᠤᠰᠤ ᠦᠢᠯᠡᠳᠭᠦᠨ ᠢ ᠰᠦᠯᠵᠢᠶᠡᠨ ᠳᠤ ᠰᠢᠭᠤᠳ ᠨᠡᠪᠲᠡᠷᠡᠭᠦᠯᠦᠨ | ᠪᠤᠷᠤᠯᠠᠭᠤᠯᠪᠠ᠃ ᠪᠠᠰᠠ ᠥᠪᠥᠷ ᠮᠣᠩᠭᠤᠯ ᠤᠨ ᠤᠯᠠᠮᠵᠢᠯᠠᠯᠲᠤ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ᠂ | ᠥᠪᠥᠷ ᠮᠤᠩᠭᠤᠯ ᠤᠨ ᠣᠨᠴᠠᠯᠢᠭ ᠲᠠᠢ ᠬᠠᠳᠬᠤᠮᠠᠯ ᠤᠷᠠᠯᠢᠭ ᠤᠨ ᠦᠵᠡᠰᠬᠦᠯᠡᠩ ᠵᠡᠷᠭᠡ ᠣᠯᠠᠨ ᠶᠠᠩᠵᠤ ᠶᠢᠨ᠂ | ᠬᠠᠷᠢᠯᠴᠠᠨ ᠬᠦᠳᠡᠯᠦᠯᠴᠡᠬᠦ ᠴᠢᠨᠠᠷ ᠢᠶᠠᠷ ᠴᠢᠩᠭ᠎ᠠ ᠰᠦᠯᠵᠢᠶᠡᠨ ᠳᠡᠭᠡᠷᠡᠬᠢ ᠠᠵᠢᠯᠯᠠᠭ᠎ᠠ ᠨᠢ ᠢᠳᠡ ᠭᠦᠭ ᠲᠠᠢ | ᠦᠷᠬᠦᠯᠵᠢᠯᠡᠨ᠎ᠡ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠰᠢᠶᠡᠳᠤ ᠴᠢᠨ ᠸᠠᠩ ᠤᠨ ᠤᠷᠳᠤᠨ ᠤ ᠵᠡᠬᠦᠨ | ᠬᠦᠷᠢᠶᠠᠨ ᠳᠤ ᠪᠤᠳᠠᠰ ᠤᠨ ᠪᠤᠰᠤ ᠰᠤᠶᠤᠯ ᠤᠨ ᠦᠪ ᠤᠨ ᠪᠡᠶᠡᠴᠢᠯᠠᠨ ᠤᠢᠢᠯᠠᠭᠠᠬᠤ ᠤᠷᠤᠨ ᠳᠤ ᠲᠤᠬᠯᠠᠯᠳᠠ | ᠭᠠᠷᠭᠠᠬᠤ᠂ ᠲᠡᠯᠬᠡᠨ ᠦᠵᠡᠬᠦᠯᠬᠦ᠂ ᠪᠤᠷᠤᠯᠠᠭᠤᠯᠬᠤ ᠶᠢ ᠨᠢᠬᠡ ᠴᠤᠬᠴᠡᠵᠢᠭᠤᠯᠵᠥ᠂ ᠤᠷᠤᠨ ᠤ ᠲᠡᠰ ᠤᠨ ᠮᠤᠩᠭᠤᠯ | ᠦᠨᠳᠦᠰᠦᠳᠡᠨ ᠤ ᠦᠯᠢᠬᠡᠷ ᠤᠷᠠᠯᠢᠭ ᠰᠤᠶᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠢ ᠤᠯᠤᠰ ᠤᠨ | ᠲᠡᠰ ᠤᠨ ᠪᠤᠯᠭᠠᠨ ᠲᠡᠰ ᠲᠡᠪᠰᠢᠬᠦᠯᠵᠦ᠂ ᠲᠦᠰᠢᠶᠡᠳᠤ ᠸᠠᠩ ᠤᠨ ᠤᠷᠳᠤᠨ ᠤ ᠤᠷᠠᠨ ᠬᠠᠳᠬᠤᠮᠠᠯ ᠤᠨ ᠪᠤᠳᠠᠰ ᠤᠨ | ᠪᠤᠰᠤ ᠰᠤᠶᠤᠯ ᠤᠨ ᠦᠪ ᠤᠨ ᠶᠠᠳᠠᠭᠤ ᠶᠢ ᠲᠡᠳᠬᠦᠵᠦ ᠠᠵᠢᠯ ᠤᠯᠭᠤᠬᠤ ᠭᠠᠵᠠᠷ ᠪᠠᠶᠢᠭᠤᠯᠪᠠ︔ ᠠᠩᠬᠠᠳᠤᠭᠠᠷ | ᠬᠤᠭᠤᠴᠠᠭᠠᠨ ᠤ ᠤᠰᠤᠨ ᠲᠤᠳᠤᠷᠭ᠎ᠠ ᠶᠢᠨ ᠴᠢᠬᠢ ᠰᠠᠭᠤᠯᠭᠠᠬᠤ ᠨᠠᠶᠢᠷ ᠢ ᠠᠮᠵᠢᠯᠲᠠ ᠲᠠᠢ ᠡᠷᠬᠢᠯᠡᠵᠦ᠂ ᠴᠢᠬᠢ | ᠰᠠᠭᠤᠯᠭᠠᠬᠤ ᠤᠷᠤᠯᠳᠤᠭᠠᠨ᠂ ᠲᠠᠷᠢᠶᠠᠯᠠᠩ ᠤᠨ ᠦᠢᠯᠡᠳᠬᠦᠨ ᠤ ᠰᠤᠶᠤᠯ ᠵᠢᠭᠤᠯᠴᠢᠯᠠᠯ ᠤᠨ ᠲᠠᠸᠠᠷ ᠤᠨ ᠲᠡᠯᠬᠡᠨ | ᠦᠵᠡᠬᠦᠯᠬᠡ᠂ ᠡᠬᠦᠯᠡᠨ ᠰᠢᠭᠤᠳ ᠨᠡᠪᠳᠡᠷᠡᠬᠦᠯᠬᠡ ᠶᠢᠨ ᠤᠬᠠᠭᠤᠯᠭ᠎ᠠ ᠪᠠᠷ ︽ᠲᠠᠷᠢᠶᠠᠯᠠᠩ + ᠰᠤᠶᠤᠯ + | ᠵᠢᠭᠤᠯᠴᠢᠯᠠᠯ + ᠪᠡᠶ᠎ᠠ ᠶᠢᠨ ᠲᠠᠮᠢᠷ︾ ᠤᠨ ᠵᠠᠬᠪᠤᠷ ᠢᠶᠠᠷ ᠵᠢᠭᠤᠯᠴᠢᠯᠠᠯ ᠤᠨ ᠦᠢᠯᠡᠰ ᠢᠶᠠᠨ ᠨᠡᠩ ᠬᠦᠭᠵᠢᠶᠡᠨ ᠲᠠᠢ | ᠪᠤᠯᠭᠠᠪᠠ᠃ | ᠪᠤᠳᠠᠰ ᠤᠨ ᠪᠤᠰᠤ ᠰᠤᠶᠤᠯ ᠤᠨ ᠦᠪ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠬᠤ ᠠᠷᠭ᠎ᠠ ᠮᠠᠶ᠋ᠢᠭ ᠨᠢ ︽ᠰᠤᠶᠤᠯ + ᠵᠠᠬ᠎ᠠ ᠳᠡᠯᠭᠡᠭᠦᠷ︾ ᠤᠨ ᠤᠷᠤᠰᠢᠨ ᠲᠤᠭᠲᠠᠨᠢᠵᠦ ᠬᠦᠭᠵᠢᠬᠦ ᠳᠤ | ᠴᠤ᠋ ᠰᠢᠨ᠎ᠡ ᠲᠠᠪᠴᠠᠩ ᠬᠠᠨᠭ᠍ᠭᠠᠯ᠎ᠠ᠃ | ᠪᠤᠳᠠᠰ ᠤᠨ ᠪᠤᠰᠤ ᠰᠤᠶᠤᠯ + ᠨᠡᠶᠢᠭᠡᠮ ᠲᠤᠭᠤᠷᠢᠭ ᠰᠤᠷᠭᠠᠭᠤᠯᠢ ᠶᠢᠨ ᠬᠦᠷᠢᠶ᠎ᠡ | ᠦᠢᠷ᠎ᠡ ᠶᠢᠨ ᠵᠢᠯ ᠳᠤ᠂ ᠮᠠᠨ ᠤ ᠣᠷᠣᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ᠂ ᠪᠣᠳᠠᠰ ᠤᠨ ᠪᠤᠰᠤ ᠰᠣᠶᠣᠯ ᠤᠨ ᠥᠪ ᠢ ᠨᠡᠶᠢᠭᠡᠮ ᠲᠣᠭᠤᠷᠢᠭ ᠲᠤ ᠣᠷᠣᠭᠤᠯᠬᠤ | ᠵᠡᠷᠭᠡ ᠰᠢᠷᠢᠰ ᠦᠵᠡᠭᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠪᠣᠳᠠᠰ ᠤᠨ ᠪᠤᠰᠤ | ᠰᠣᠶᠣᠯ ᠤᠨ ᠥᠪ ᠤᠨ ᠵᠦᠶ᠋ᠯᠡᠰ ᠤᠨ ᠬᠠᠮᠠᠭᠠᠯᠠᠯᠲᠠ ᠶᠢ ᠭᠦᠨᠵᠡᠭᠡᠶᠢᠷᠡᠭᠦᠯᠪᠡ᠃ | 2006 ᠣᠨ ᠤ 5 ᠰᠠᠷ᠎ᠠ ᠶᠢᠨ 20 ᠤ ᠡᠳᠦᠷ᠂ ᠮᠣᠩᠭᠤᠯ ᠦᠨᠳᠦᠰᠦᠲᠡᠨ ᠤ ᠠᠨᠳᠠᠢ ᠪᠥᠵᠢᠭ ᠢ ᠲᠥᠷᠥ ᠶᠢᠨ | ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠠᠩᠬᠠᠨ ᠤ ᠪᠦᠯᠦᠭ ᠤᠨ ᠤᠯᠤᠰ ᠤᠨ ᠲᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠵᠢᠭᠰᠠᠭᠠᠯᠲᠠ ᠳᠤ ᠣᠷᠣᠭᠤᠯᠤᠭᠰᠠᠨ ᠪᠠᠶᠢᠨ᠎ᠠ᠃ ᠮᠤᠩᠭᠤᠯ ᠰᠤᠷᠭᠠᠭᠤᠯᠢ ᠠᠨᠳᠠᠢ ᠪᠦᠵᠢᠭ ᠢ | ᠤᠯᠠᠮᠵᠢᠯᠠᠨ ᠳᠡᠯᠭᠡᠷᠡᠭᠦᠯᠵᠦ ᠪᠠᠶᠢᠭ᠎ᠠ ᠨᠢ ᠰᠤᠷᠭᠠᠭᠤᠯᠢ ᠶᠢᠨ ᠬᠦᠷᠢᠶᠡᠨ ᠤ ᠰᠢᠨ᠎ᠡ ᠨᠢᠭᠡᠨ ᠦᠵᠡᠮᠵᠢ ᠪᠤᠯᠵᠦ ᠤᠯᠠᠨ ᠤ | ᠠᠩᠬᠠᠷᠤᠯ ᠳᠤ ᠬᠦᠷᠦᠨ᠎ᠠ᠃ ᠤᠳᠤᠬᠠᠨ ᠳᠤ᠂ ᠠᠨᠳᠠᠢ ᠪᠦᠵᠢᠭ ᠨᠢ ᠪᠦᠬᠦ ᠤᠷᠤᠨ ᠤ ᠬᠡᠪᠴᠢᠶᠡᠨ ᠳᠠᠬᠢ | ᠬᠦᠬᠡᠬᠤᠲᠡ ᠶᠢᠨ ᠮᠤᠩᠭᠤᠯ ᠦᠨᠳᠦᠰᠦᠲᠡᠨ ᠤ ᠲᠤᠷᠰᠢᠯᠲᠡ ᠶᠢᠨ ᠳᠤᠮᠳᠠᠳᠤ ᠰᠤᠷᠭᠠᠭᠤᠯᠢ᠂ ᠦᠤᠰᠢᠨ ᠬᠤᠰᠢᠭᠤᠨ ᠤ | ᠬᠤᠶᠠᠳᠤᠭᠠᠷ ᠳᠤᠮᠳᠠᠳᠤ ᠰᠤᠷᠭᠠᠭᠤᠯᠢ᠂ ᠵᠡᠭᠦᠨᠭᠠᠷ ᠬᠤᠰᠢᠭᠤᠨ ᠤ ᠮᠤᠩᠭᠤᠯ ᠦᠨᠳᠦᠰᠦᠲᠡᠨ ᠤ ᠳᠤᠮᠳᠠᠳᠤ | ᠰᠤᠷᠭᠠᠭᠤᠯᠢ ᠵᠡᠷᠭᠡ ᠶᠢ ᠪᠠᠭᠲᠠᠭᠠᠭᠰᠠᠨ 22 ᠰᠤᠷᠭᠠᠭᠤᠯᠢ ᠳᠤ ᠲᠦᠭᠡᠮᠡᠯᠵᠢᠵᠦ᠂ ᠨᠡᠶᠢᠲᠡ 5 ᠲᠦᠮᠡ ᠭᠠᠷᠤᠢ | ᠮᠤᠩᠭᠤᠯ ᠰᠤᠷᠤᠭᠴᠢ ᠶᠢ ᠬᠠᠮᠤᠷᠤᠭᠰᠠᠨ ᠪᠠᠶᠢᠨ᠎ᠠ᠃ | — ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠦ᠂ ᠰᠤᠷᠤᠭᠴᠢᠳ ᠤᠨ | ᠤᠯᠠᠮᠵᠢᠯᠠᠯᠲᠤ ᠦᠨᠳᠦᠰᠦᠲᠡᠨ ᠤ ᠰᠣᠶᠣᠯ ᠢ ᠰᠤᠷᠤᠯᠴᠠᠬᠤ᠂ ᠰᠤᠷᠤᠭᠴᠢᠳ ᠤᠨ ᠣᠯᠠᠨ ᠡᠰᠢᠲᠦ ᠬᠥᠭᠵᠢᠯᠲᠡ ᠶᠢ | ᠬᠥᠲᠥᠯᠥᠨ ᠵᠢᠯᠤᠭᠤᠳᠬᠤ ᠶᠢᠨ ᠲᠦᠯᠦᠭᠡ ᠵᠡᠭᠦᠨᠭᠠᠷ ᠬᠤᠰᠢᠭᠤᠨ ᠤ ᠮᠣᠩᠭᠤᠯ ᠰᠤᠷᠭᠠᠭᠤᠯᠢ ᠳᠤ ᠬᠠᠭᠠᠰ ᠰᠠᠷ᠎ᠠ | ᠭᠦᠨᠵᠡᠭᠡᠶᠢᠷᠡᠨ᠂ ᠰᠤᠷᠤᠭᠴᠢᠳ ᠲᠠᠢ ᠬᠠᠮᠲᠤ ᠢᠳᠡᠵᠦ ᠤᠤᠭᠤᠵᠤ ᠬᠠᠮᠲᠤ ᠰᠠᠭᠤᠵᠤ᠂ ᠡᠳᠦᠷ ᠪᠦᠷᠢ ᠶᠢᠨ | ᠲᠠᠮᠢᠷ ᠤᠨ ᠬᠢᠴᠢᠶᠡᠯ ᠤᠨ ᠴᠠᠭ ᠢ ᠠᠰᠢᠭᠯᠠᠨ ᠵᠢᠭᠠᠨ ᠰᠤᠷᠭᠠᠯᠲᠠ ᠬᠢᠵᠦ᠂ ᠰᠤᠷᠤᠭᠴᠢᠳ ᠲᠤ ᠨᠢᠭᠡ ᠢᠵᠢ ᠪᠦᠷᠢᠨ | ᠪᠦᠲᠦᠨ ᠠᠨᠳᠠᠢ ᠪᠦᠵᠢᠭ ᠤᠨ ᠠᠶᠢᠵᠠᠮ ᠴᠣᠬᠢᠯᠭ᠎ᠠ ᠲᠠᠢ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠢ ᠡᠵᠡᠮᠰᠢᠭᠦᠯᠪᠡ | ᠭᠡᠵᠦ ᠰᠣᠶᠣᠯ ᠤᠨ ᠰᠠᠶᠢᠨ ᠳᠤᠷ᠎ᠠ ᠶᠢᠨ ᠠᠵᠢᠯᠯᠠᠭᠴᠢ ᠵᠢᠷᠭᠠᠯ ᠶᠠᠷᠢᠵᠦ ᠪᠠᠶᠢᠯ᠎ᠠ᠃ | ᠤᠷᠴᠢᠮᠬᠠᠨ ᠪᠤᠳᠠᠰ ᠤᠨ ᠪᠤᠰᠤ ᠰᠤᠶᠤᠯ ᠤᠨ ᠠᠮᠢᠳᠤᠷᠠᠯ ᠳᠤ ᠠᠭᠤᠰᠤᠯᠴᠠᠬᠤ ᠶᠢ ᠲᠦᠯᠬᠢᠨ ᠠᠬᠢᠭᠤᠯᠵᠦ᠂ | ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠠᠴᠢ ᠬᠤᠯᠪᠤᠭᠳᠠᠯ ᠪᠦᠬᠦᠢ ᠠᠵᠢᠯᠯᠠᠭ᠎ᠠ ᠤᠳ | ᠨᠡᠶᠢᠭᠡᠮ ᠲᠤᠭᠤᠷᠢᠭ ᠲᠤ ᠬᠦᠨᠵᠡᠭᠡᠶᠢᠷᠡᠨ᠂ ᠪᠤᠳᠠᠰ ᠤᠨ ᠪᠤᠰᠤ ᠰᠤᠶᠤᠯ ᠤᠨ ᠬᠦᠨ ᠵᠤᠵᠠᠭᠠᠨ ᠠᠭᠤᠷ ᠠᠮᠢᠰᠬᠤᠯ ᠢ | ᠪᠤᠢ ᠪᠤᠯᠭᠠᠨ᠎ᠠ᠃ | ᠲᠥᠪ ᠬᠤᠲᠠ ᠶᠢᠨ ᠰᠥᠨᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ | ᠳᠠᠮᠵᠢᠵᠤ᠂ ᠰᠥᠨᠢ ᠶᠢᠨ ᠠᠵᠤ ᠠᠬᠤᠶ ᠶᠢ ᠠᠮᠢᠳᠤᠯᠢᠭ ᠪᠣᠯᠭᠠᠵᠤ᠂ ᠵᠠᠬ᠎ᠠ ᠳᠡᠯᠭᠡᠭᠦᠷ ᠢ ᠬᠦᠭᠵᠢᠭᠡᠨ᠂ ᠶᠠᠳᠠᠭᠤ ᠶᠢ | ᠲᠡᠳᠬᠦᠬᠦ ᠦᠢᠯᠡᠳᠬᠦᠨ ᠳᠤ ᠰᠢᠨ᠎ᠡ ᠪᠣᠷᠣᠯᠠᠭᠤᠯᠭ᠎ᠠ ᠶᠢᠨ ᠠᠷᠭ᠎ᠠ ᠵᠠᠮ ᠤᠯᠭᠤᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠥᠪᠥᠷ ᠮᠣᠩᠭᠤᠯ ᠤᠨ ᠨᠡᠷ᠎ᠡ ᠶᠢᠨ ᠬᠠᠭᠤᠳᠠᠰᠤ ᠶᠢ ᠡᠭᠦᠳᠬᠦ ᠪᠠᠷ | ᠵᠤᠷᠢᠯᠲᠠ ᠪᠠᠨ ᠪᠤᠯᠭᠠᠬᠰᠠᠨ ᠦᠪᠦᠷ ᠮᠤᠩᠭᠤᠯ ᠤᠨ ᠲᠠᠭᠤᠤ ᠬᠦᠭᠵᠢᠮ ᠢ ᠰᠤᠨᠢᠷᠬᠠᠨ᠂ ᠦᠪᠦᠷ ᠮᠤᠩᠭᠤᠯ ᠤᠨ ᠤᠬᠢ | ᠠᠮᠳᠠ ᠶᠢ ᠠᠮᠳᠠᠯᠠᠨ᠂ ᠦᠪᠦᠷ ᠮᠤᠩᠭᠤᠯ ᠤᠨ ᠰᠠᠶᠢᠨ ᠪᠠᠷᠠᠭ᠎ᠠ ᠶᠢ ᠬᠤᠳᠠᠯᠳᠤᠨ ᠠᠪᠬᠤ ᠠᠩᠬᠠᠳᠤᠭᠠᠷ | ᠬᠤᠭᠤᠴᠠᠭᠠᠨ ᠤ ᠬᠦᠬᠡᠬᠤᠳᠠ ᠶᠢᠨ ᠲᠠᠯ᠎ᠠ ᠶᠢᠨ ᠤᠶᠠᠩᠭ᠎ᠠ ᠲᠠᠩᠰᠤᠬ ᠢᠳᠡᠭᠡᠨ ᠤ ᠨᠠᠶᠢᠷ ᠤᠢᠢᠷ᠎ᠠ ᠳᠤ | ᠬᠦᠬᠡᠬᠤᠳᠠ ᠳᠤ ᠡᠬᠢᠯᠠᠯ᠎ᠠ᠃ | ᠬᠦᠬᠡᠬᠤᠳᠠ ᠶᠢᠨ ᠲᠠᠯ᠎ᠠ ᠶᠢᠨ ᠤᠶᠠᠩᠭ᠎ᠠ ᠲᠠᠩᠰᠤᠬ ᠢᠳᠡᠭᠡᠨ ᠤ ᠨᠠᠶᠢᠷ ᠨᠢ ᠪᠤᠰᠢᠭᠤ ᠭᠠᠷ᠂ ᠰᠢᠨ ᠯᠠᠩ᠂ | ᠴᠤᠤᠷᠢᠶ᠎ᠠ ᠵᠡᠷᠭᠡ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠲᠠᠮᠵᠢᠭᠤᠯᠤᠨ᠂ ᠴᠠᠭᠠᠨ ᠢᠳᠡᠭᠡᠨ᠂ ᠮᠤᠩᠭᠤᠯ | ᠬᠤᠪᠴᠠᠰᠤ ᠵᠠᠰᠠᠯ᠂ ᠮᠤᠷᠢᠨ ᠬᠤᠭᠤᠷ᠂ ᠴᠠᠭᠠᠰᠤᠨ ᠬᠠᠶᠢᠴᠢᠯᠠᠮᠠᠯ ᠵᠡᠷᠭᠡ ᠮᠠᠯ ᠤᠨ ᠠᠰᠢᠭ ᠰᠢᠮ᠎ᠠ ᠲᠠᠷᠢᠶᠠᠯᠠᠩ ᠤᠨ | ᠪᠦᠳᠦᠭᠡᠭᠳᠡᠭᠦᠨ ᠪᠠ ᠭᠠᠷ ᠤᠷᠠᠯᠠᠯ ᠤᠨ ᠪᠦᠳᠦᠭᠡᠭᠳᠡᠭᠦᠨ᠂ ᠪᠣᠳᠠᠰ ᠤᠨ ᠪᠤᠰᠤ ᠰᠣᠶᠣᠯ ᠤᠨ ᠥᠪ ᠤᠨ | ᠦᠢᠯᠡᠳᠭᠦᠨ ᠢ ᠪᠤᠷᠤᠯᠠᠭᠤᠯᠵᠦ᠂ ᠭᠤᠷᠪᠠᠨ ᠴᠠᠬ ᠤᠨ ᠰᠢᠭᠤᠳ ᠨᠡᠪᠲᠡᠷᠡᠭᠦᠯᠭᠡ ᠪᠠᠷ ᠲᠠᠮᠵᠢᠨ᠂ ᠨᠡᠶᠢᠲᠡ 3 ᠲᠦᠮᠡᠨ | ᠵᠠᠬᠢᠶᠠᠯᠠᠭ᠎ᠠ ᠶᠢᠨ ᠬᠠᠭᠤᠳᠠᠰᠤ ᠲᠤᠰᠴᠤ᠂ ᠵᠠᠬᠢᠶᠠᠯᠠᠭ᠎ᠠ ᠶᠢᠨ ᠶᠡᠷᠦᠩᠭᠡᠢ ᠭᠡᠮᠵᠢᠶ᠎ᠠ 100 ᠭᠠᠷᠤᠶ ᠲᠦᠮᠡᠨ | ᠲᠦᠭᠦᠷᠢᠭ ᠲᠤ ᠬᠦᠷᠴᠡᠶ᠃ | ᠪᠣᠳᠠᠰ ᠤᠨ ᠪᠤᠰᠤ ᠰᠣᠶᠣᠯ ᠪᠠ ᠰᠣᠶᠣᠯ ᠤᠨ ᠪᠦᠲᠦᠭᠡᠭᠳᠡᠭᠦᠨ ᠢᠶᠠᠷ ᠰᠥᠨᠢ ᠶᠢᠨ ᠠᠵᠤ ᠠᠬᠤᠶ ᠶᠢ ᠬᠦᠭᠵᠢᠭᠡᠨ᠂ | ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ | ᠬᠡᠷᠡᠭᠯᠡᠭᠡ ᠶᠢ ᠳᠠᠶᠢᠴᠢᠯᠠᠨ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ | ᠤᠢᠢᠯᠠᠭᠠᠭᠰᠠᠨ ᠢᠶᠠᠷ᠂ ᠦᠢᠷ᠎ᠡ ᠶᠢᠨ ᠵᠢᠯ ᠳᠤ᠂ ᠮᠠᠨ ᠤ ᠣᠷᠣᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠤᠯᠠᠮᠵᠢᠯᠠᠨ ᠵᠠᠯᠭᠠᠮᠵᠢᠯᠠᠭᠴᠢ ᠶᠢ ᠵᠣᠬᠢᠶᠠᠨ | ᠪᠠᠶᠢᠭᠤᠯᠤᠨ ᠰᠤᠷᠭᠠᠭᠤᠯᠢ ᠪᠠ ᠨᠡᠶᠢᠭᠡᠮ ᠲᠤᠭᠤᠷᠢᠭ ᠲᠤ ᠣᠷᠤᠭᠤᠯᠵᠤ᠂ ᠤᠯᠠᠮᠵᠢᠯᠠᠨ ᠰᠤᠷᠬᠤ ᠠᠵᠢᠯᠯᠠᠭ᠎ᠠ ᠤᠯᠠᠨ | ᠤᠳᠠᠭ᠎ᠠ ᠦᠷᠨᠢᠭᠦᠯᠪᠡ᠃ ᠡᠨᠡ ᠵᠢᠯ ᠨᠡᠶᠢᠲᠡ 20 ᠲᠠᠯᠠᠪᠠᠶ ᠰᠢᠬᠠᠮ ᠤᠳᠠᠭ᠎ᠠ ᠥᠷᠨᠢᠭᠦᠯᠵᠦ᠂ ᠵᠠᠯᠭᠠᠭᠠᠳ ᠰᠠᠷ᠎ᠠ | ᠪᠦᠷᠢ ᠪᠠᠰᠠ ᠨᠢᠭᠡ ᠤᠳᠠᠭ᠎ᠠ ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠠᠵᠢᠯᠯᠠᠭ᠎ᠠ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃ | ᠪᠣᠳᠠᠰ ᠤᠨ ᠪᠤᠰᠤ ᠰᠣᠶᠣᠯ ᠤᠨ ᠬᠠᠮᠠᠭᠠᠯᠠᠯᠲᠠ ᠪᠠ ᠤᠯᠠᠮᠵᠢᠯᠠᠯ ᠨᠢ ᠵᠠᠬ᠎ᠠ ᠳᠡᠯᠭᠡᠭᠦᠷ ᠤᠨ ᠠᠵᠦ ᠠᠬᠤᠢ ᠶᠢ | ᠴᠡᠴᠡᠭᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠠᠷᠠᠳ ᠲᠦᠮᠡᠨ ᠤ ᠤᠶᠤᠨ ᠰᠠᠨᠠᠭ᠎ᠠ | ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ᠂ ᠠᠮᠢᠳᠤᠷᠠᠯ ᠤᠨ ᠵᠤᠯ ᠵᠢᠷᠭᠠᠯᠳᠦ᠂ ᠬᠦᠷᠳᠡᠮᠵᠢ ᠶᠢᠨ ᠲᠦᠷᠦᠭᠳᠡᠯ ᠢ | ᠳᠡᠭᠡᠭᠰᠢᠯᠡᠬᠦᠯᠬᠦ ᠵᠡᠷᠭᠡ ᠨᠡᠶᠢᠭᠡᠮ ᠤᠨ ᠠᠮᠢᠳᠤᠷᠠᠯ ᠤᠨ ᠡᠯ᠎ᠡ ᠬᠦᠷᠢᠶᠡᠨ ᠳᠤ ᠦᠷᠦᠬᠡᠯ ᠪᠤᠰᠤᠳ ᠢᠶᠠᠷ ᠤᠷᠤᠯᠠᠭᠤᠯᠵᠤ | ᠦᠯᠦ ᠪᠤᠯᠬᠤ ᠦᠪᠡᠷ ᠤᠨ ᠦᠷᠳᠡᠭ ᠢᠶᠠᠨ ᠪᠠᠳᠠᠷᠠᠭᠤᠯᠤᠭᠰᠠᠭᠠᠷ᠃ | ᠵᠣᠬᠢᠶᠠᠭᠴᠢ᠄ ᠨᠠᠷᠠᠨᠲᠤᠩᠭᠠᠯᠠᠭ |