ᠮᠠᠨ ᠤ ᠬᠤᠳᠠ ᠮᠦᠩᠬᠦᠨ ᠴᠠᠭᠠᠨ ᠡᠪᠦᠯ ᠬᠦᠷᠴᠦ ᠢᠷᠡᠬᠦ ᠶᠢ ᠲᠠᠭᠠᠯᠳᠤᠨ ᠮᠦᠰᠦ ᠴᠠᠰᠤᠨ ᠤ ᠵᠤᠭᠠᠴᠠᠯ ᠤᠨ ᠵᠠᠮ | ᠱᠤᠭᠤᠮ ᠢ ᠰᠢᠭᠤᠶᠢᠳᠤ ᠤᠷᠤᠨ ᠢᠶᠠᠷ ᠲᠤᠬᠢᠷᠠᠭᠤᠯᠵᠤ᠂ ᠬᠠᠶᠢᠯᠠᠷ ᠠᠴᠠ ᠶᠠᠭᠰᠢ ᠶᠢ ᠲᠠᠭᠠᠷᠢᠵᠤ ᠵᠠᠯᠠᠨ ᠠᠶᠢᠯ ᠤᠨ ᠮᠦᠰᠦ | ᠴᠠᠰᠤᠨ ᠤ ᠵᠤᠭᠠᠴᠠᠯ ᠳᠤ ᠮᠤᠷᠳᠠᠬᠤ ᠳᠤ ᠪᠡᠯᠡᠨ ᠪᠤᠯᠭᠠᠵᠤ ᠪᠤᠢ᠃ ᠡᠨᠡ ᠬᠦ ᠭᠤᠷᠪᠠᠨ ᠭᠠᠵᠠᠷ ᠨᠢ ᠪᠦᠬᠦ ᠤᠯᠤᠰ ᠤᠨ ᠠᠷᠪᠠᠨ | ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠦᠰᠦ ᠴᠠᠰᠤᠨ ᠤ ᠲᠦᠷᠦᠯ | ᠵᠦᠢᠯ ᠤᠨ ᠤᠷᠤᠯᠳᠤᠭᠠᠨ ᠤ ᠭᠤᠤᠯ ᠲᠠᠯᠠᠪᠤᠷ ᠪᠠᠶᠢᠵᠤ᠂ ᠭᠤᠤᠯᠳᠠᠭᠤ ᠶᠡᠭᠡ ᠬᠢᠩᠭᠠᠨ ᠲᠠᠪᠠᠭᠠᠨ ᠤ ᠴᠠᠰᠤᠳᠤ ᠴᠠᠭᠠᠨ | ᠤᠢ ᠪᠠᠷ ᠲᠤᠭᠤᠷᠢᠨ ᠵᠤᠭᠠᠴᠠᠵᠤ᠂ ᠮᠦᠰᠦ ᠴᠠᠰᠤᠨ ᠤ ᠪᠡᠶ᠎ᠡ ᠶᠢᠨ ᠲᠠᠮᠢᠷ ᠤᠨ ᠤᠷᠤᠯᠳᠤᠭᠠᠨ᠂ ᠮᠦᠰᠦ ᠴᠠᠰᠤᠨ ᠲᠡᠬᠡᠷ᠎ᠠ | ᠮᠠᠰᠢᠨ ᠲᠡᠷᠭᠡ ᠵᠢᠯᠤᠭᠤᠳᠬᠤ ᠵᠡᠷᠭᠡ ᠲᠦᠷᠦᠯ ᠵᠦᠢᠯ ᠳᠤ ᠪᠡᠶ᠎ᠡ ᠪᠠᠷ ᠢᠶᠠᠨ ᠤᠷᠤᠯᠴᠠᠵᠤ ᠪᠤᠯᠤᠨ᠎ᠠ᠃ | ᠦᠪᠦᠷ ᠮᠤᠩᠭᠤᠯ ᠤᠨ ᠮᠦᠰᠦᠨ ᠲᠡᠭᠡᠷᠡᠬᠢ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠦᠪ ᠲᠤ ᠲᠦᠷᠭᠡᠨ ᠲᠡᠰᠢᠯᠳᠡ᠂ | ᠮᠦᠰᠦᠨ ᠪᠦᠮᠪᠦᠭᠡ ᠮᠦᠰᠦᠨ ᠲᠡᠪᠦᠷ᠎ᠡ ᠶᠢᠨ ᠤᠷᠤᠯᠳᠤᠭᠠᠨ ᠢ ᠰᠤᠨᠢᠷᠬᠠᠨ᠂ ᠪᠦᠷᠳᠡ ᠴᠢᠨ᠋ᠸ᠎ᠠ ᠭᠤᠸ᠎ᠠ ᠮᠠᠷᠠᠯ ᠮᠦᠰᠦ | ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠰᠠᠭᠤᠷᠢᠨ ᠭᠠᠵᠠᠷ ᠲᠤ ᠴᠠᠰᠤᠳᠤ ᠮᠤᠲ᠋ᠤᠷ ᠤᠨᠤᠵᠤ ᠮᠦᠰᠦ ᠴᠠᠰᠤᠨ ᠤ | ᠭᠠᠶᠢᠬᠠᠮᠠᠰᠢᠭ ᠢ ᠪᠡᠶ᠎ᠡ ᠪᠠᠷ ᠢᠶᠠᠨ ᠤᠶᠢᠯᠠᠭᠠᠵᠤ᠂ ᠶᠠᠭᠰᠢ ᠶᠢᠨ ᠹᠧᠩ ᠬᠤᠸᠠᠩ ᠱᠠᠨ ᠪᠤᠯᠤᠨ ᠵᠠᠯᠠᠨ ᠠᠶᠢᠯ ᠤᠨ ᠶᠢᠨ ᠯᠦᠩ | ᠱᠠᠨ ᠴᠠᠰᠤᠨ ᠭᠤᠯᠭᠤᠯᠳᠠ ᠶᠢᠨ ᠭᠠᠵᠠᠷ ᠲᠤ ᠡᠯ᠎ᠡ ᠲᠦᠷᠦᠯ ᠤᠨ ᠮᠦᠰᠦ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠢ | ᠪᠡᠶᠡᠴᠢᠯᠡᠨ ᠤᠶᠢᠯᠠᠭᠠᠵᠤ ᠪᠤᠯᠤᠨ᠎ᠠ᠃ ᠪᠠᠰᠠ ᠨᠢᠭᠡ ᠨᠢ ᠬᠠᠶᠢᠯᠠᠷ ᠠᠴᠠ ᠬᠠᠭᠤᠴᠢᠨ ᠪᠠᠷᠭᠤ ᠬᠤᠰᠢᠭᠤ ᠶᠢ ᠲᠠᠭᠠᠷᠢᠵᠤ | ᠮᠠᠨᠵᠤᠤᠷ ᠤᠨ ᠴᠠᠰᠤᠳᠤ ᠭᠠᠵᠠᠷ ᠤᠨ ᠦᠨᠳᠦᠰᠦᠳᠡᠨ ᠤ ᠵᠠᠩ ᠠᠷᠠᠨᠰᠢᠯ ᠤᠨ ᠦᠩᠬᠡ ᠦᠵᠡᠮᠵᠢ ᠶᠢ ᠰᠤᠨᠢᠷᠬᠠᠬᠤ ᠵᠠᠮ | ᠱᠤᠭᠤᠮ ᠲᠤᠬᠢᠷᠠᠭᠤᠯᠵᠤ᠂ ᠭᠤᠤᠯᠳᠠᠭᠤ ᠬᠦᠬᠡᠨᠠᠭᠤᠷ᠂ ᠪᠠᠶᠠᠠᠬᠠᠳᠠ᠂ ᠪᠠᠷᠭᠤ ᠮᠤᠩᠭᠤᠯ ᠠᠶᠢᠮᠠᠭ ᠵᠡᠷᠭᠡ ᠦᠵᠡᠮᠵᠢ ᠶᠢᠨ | ᠤᠷᠤᠨ ᠤ ᠮᠦᠰᠦ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠬᠤ ᠪᠤᠯᠤᠨ᠎ᠠ᠃ ᠡᠬᠦᠨ ᠠᠴᠠ ᠭᠠᠳᠠᠨ᠎ᠠ | ᠪᠠᠰᠠ ᠬᠠᠶᠢᠯᠠᠷ ᠠᠴᠠ ᠮᠤᠷᠳᠠᠵᠤ ᠡᠷᠬᠦᠨ᠎ᠡ ᠶᠢ ᠲᠠᠭᠠᠷᠢᠨ ᠬᠡᠭᠡᠨ ᠭᠤᠤᠯ ᠳᠤ ᠬᠦᠷᠴᠦ ᠲᠤᠮᠳᠠᠳᠤ ᠤᠯᠤᠰ ᠤᠨ ᠬᠦᠢᠳᠡᠨ ᠤ | ᠲᠦᠢᠯ ᠢᠶᠠᠷ ᠵᠤᠭᠠᠴᠠᠬᠤ ᠵᠠᠮ ᠱᠤᠭᠤᠮ ᠪᠤᠯᠤᠨ ︽ᠬᠦᠯᠦᠨ ᠪᠤᠶᠢᠷ ᠨᠡᠷᠡᠮᠵᠢᠲᠤ︾ ᠵᠤᠭᠠᠴᠠᠯ ᠤᠨ ᠭᠠᠯᠳᠤ ᠲᠡᠷᠭᠡ ᠶᠢ | ᠨᠡᠪᠳᠡᠷᠡᠬᠦᠯᠵᠦ ᠬᠠᠶᠢᠯᠠᠷ ᠠᠴᠠ ᠮᠤᠷᠳᠠᠨ᠂ ᠮᠠᠨᠵᠤᠤᠷ ᠢ ᠲᠠᠭᠠᠷᠢᠨ ᠷᠠᠰᠢᠶᠠᠨ ᠳᠤ ᠬᠦᠷᠴᠦ ᠲᠠᠯ᠎ᠠ ᠨᠤᠳᠤᠭ ᠤᠢ ᠰᠢᠭᠤᠢ | ᠬᠠᠯᠠᠭᠤᠨ ᠷᠠᠰᠢᠶᠠᠨ ᠢᠶᠠᠷ ᠵᠤᠭᠠᠴᠠᠬᠤ ᠵᠠᠮ ᠱᠤᠭᠤᠮ ᠢ ᠭᠤᠤᠯᠳᠠᠯᠭ᠎ᠠ ᠲᠠᠢ ᠡᠬᠦᠳᠴᠦ ᠪᠤᠢ᠃ | |