︽ᠰᠢᠯᠭᠠᠯᠳᠠ ᠳᠤ ᠤᠷᠤᠯᠴᠠᠬᠤ ᠠᠴᠠ ᠡᠮᠤᠨ᠎ᠠ ᠦᠩᠭᠡᠷᠡᠭᠰᠡᠨ ᠵᠢᠯ ᠤᠳ ᠤᠨ ᠵᠢᠩᠬᠢᠨᠢ ᠰᠢᠯᠭᠠᠯᠳᠠ ᠠᠴᠠ | ᠭᠠᠷᠳᠠᠨ ᠲᠠᠪᠳᠠᠪᠠᠯ ᠬᠢᠷᠢ ᠪᠦᠳᠦᠮᠵᠢ ᠬᠠᠮᠤᠭ ᠠᠴᠠ ᠲᠦᠷᠭᠡᠨ ᠲᠡᠭᠡᠭᠰᠢᠯᠡᠨᠠ︾ ᠭᠡᠵᠥ ᠶᠡᠭᠡ ᠰᠤᠷᠭᠠᠭᠤᠯᠢ ᠳᠤ | ᠪᠠᠶᠢᠬᠤ ᠳᠤ ᠪᠠᠭᠰᠢ ᠶᠢᠨ ᠬᠡᠯᠡᠭᠰᠡᠨ ᠦᠭᠡ ᠰᠠᠨᠠᠭᠳᠠᠨ᠎ᠠ᠃ | | | ᠲᠦᠢᠳᠬᠡᠷ ᠬᠢᠵᠢᠭ ︽ᠲᠦᠢᠪᠡᠭᠡᠭᠰᠡᠨ︾ ᠠᠴᠠ ᠡᠨᠡ ᠵᠢᠯ ᠤᠨ ᠤᠯᠤᠰ ᠤᠨ ᠨᠢᠭᠡᠳᠦᠯᠳᠠᠢ ᠰᠢᠯᠭᠠᠯᠳᠠ ᠨᠢᠭᠡ | ᠰᠠᠷ᠎ᠠ ᠬᠤᠶᠢᠰᠢᠯᠠᠭᠳᠠᠪᠠ᠃ ᠶᠡᠭᠡ ᠰᠤᠷᠭᠠᠭᠤᠯᠢ ᠳᠤ ᠰᠢᠯᠭᠠᠭᠤᠯᠤᠭᠰᠠᠳ ᠠᠷᠪᠠᠨ ᠵᠢᠯ ᠤᠨ ᠰᠤᠷᠭᠠᠭᠤᠯᠢ ᠰᠤᠶᠤᠯ ᠤᠨ | ᠮᠦᠷ ᠢ ᠬᠦᠭᠡᠭᠡᠭᠡᠳ ᠤᠯᠤᠰ ᠤᠨ ᠰᠢᠯᠭᠠᠯᠳᠠ ᠶᠢᠨ ᠲᠠᠪᠠᠭ᠎ᠠ ᠶᠢ ᠲᠠᠪᠠᠭ᠋ᠤ ᠪᠠᠷ ᠪᠤᠯᠤᠭᠰᠠᠨ ᠲᠠᠰᠢᠷᠠᠮ ᠢᠶᠠᠷ 1977 | - 2019 ᠤᠨ ᠬᠦᠷᠳᠡᠯᠡᠬᠢ ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ | ᠰᠡᠳᠦᠪ ︵ᠬᠦᠭᠡ︶ ᠪᠠ ᠯᠠᠪᠯᠠᠬᠤ ᠬᠠᠷᠢᠭᠤᠯᠳᠠ ᠶᠢᠨ ᠬᠤᠷᠢᠶᠠᠩᠭᠤᠢ ︽21 ᠳ᠋ᠤᠭᠡᠷ ᠵᠠᠭᠤᠨ ᠤ ᠮᠤᠩᠭᠤᠯ ᠢᠶᠠᠷ | ᠬᠢᠴᠢᠶᠡᠯᠯᠡᠬᠦ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠭᠤᠯᠤᠭᠰᠠᠳ ᠲᠤ ᠵᠤᠷᠢᠭᠤᠯᠤᠭᠰᠠᠨ ᠤᠩᠰᠢᠬᠤ | ᠪᠢᠴᠢᠭ︾ ᠭᠡᠬᠦ ᠨᠤᠮ ᠬᠡᠪᠯᠡᠭᠳᠡᠨ ᠰᠤᠷᠤᠭᠴᠢᠳ ᠤᠨ ᠡᠮᠤᠨ᠎ᠠ ᠲᠡᠯᠭᠡᠭᠳᠡᠯ᠎ᠠ᠃ ᠡᠨᠡ ᠬᠦ ᠴᠢᠮᠡᠭᠡ ᠶᠢ ᠰᠤᠨᠤᠰᠤᠭᠠᠳ | ᠰᠤᠷᠪᠤᠯᠵᠢᠯᠠᠭᠴᠢ ᠲᠤᠰ ᠨᠤᠮ ᠢ ᠡᠮᠬᠢᠳᠬᠡᠨ ᠨᠠᠶᠢᠷᠠᠭᠤᠯᠤᠭᠰᠠᠨ ᠰᠠᠶᠢᠰᠢᠶᠠᠯᠳᠤ ᠪᠠᠭᠰᠢ ᠲᠠᠢ ᠤᠳᠠᠰᠤ ᠪᠠᠷ | ᠬᠠᠷᠢᠴᠠᠵᠥ ᠲᠦᠬᠦᠮ ᠰᠤᠷᠪᠤᠯᠵᠢᠯᠠᠭ᠎ᠠ ᠠᠪᠤᠪᠠ᠃ | ᠰᠠᠶᠢᠰᠢᠶᠠᠯᠳᠤ᠂ ᠬᠦᠬᠡᠬᠤᠳᠠ ᠶᠢᠨ ᠦᠨᠳᠦᠰᠦᠳᠠᠨ ᠤ ᠲᠤᠷᠰᠢᠯᠳᠠ ᠶᠢᠨ ᠰᠤᠷᠭᠠᠭᠤᠯᠢ ᠶᠢᠨ ᠮᠤᠩᠭᠤᠯ ᠬᠡᠯᠡ | ᠪᠢᠴᠢᠭ ᠤᠨ ᠪᠠᠭᠰᠢ᠃ 1989 ᠤᠨ ᠳᠤ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤᠨ ᠤ ᠬᠤᠨᠳᠤ | ᠪᠠᠯᠭᠠᠰᠤᠨ ᠳᠤ ᠲᠦᠷᠦᠵᠠᠢ᠃ 2013 ᠤᠨ ᠤ 7 ᠰᠠᠷ᠎ᠠ ᠳᠤ ᠦᠪᠦᠷ ᠮᠤᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ | ᠰᠠᠯᠪᠤᠷᠢ ᠠᠴᠠ ᠲᠡᠬᠦᠰᠴᠤ᠂ ᠤᠳᠤ ᠮᠤᠩᠭᠤᠯ ᠤᠯᠤᠰ ᠤᠨ ᠪᠤᠯᠪᠠᠰᠤᠷᠠᠯ ᠤᠨ ᠶᠡᠭᠡ ᠰᠤᠷᠭᠠᠭᠤᠯᠢ ᠳᠤ ᠬᠡᠯᠡ | ᠰᠢᠨᠵᠢᠯᠡᠭᠡᠨ ᠤ ᠤᠬᠠᠭᠠᠨ ᠤ ᠮᠠᠬᠢᠰᠲ᠋ᠧᠷ ᠢᠶᠠᠷ ᠰᠤᠷᠤᠯᠴᠠᠵᠤ ᠪᠤᠢ᠃ | ᠰᠠᠶᠢᠰᠢᠶᠠᠯᠳᠤ ᠶᠢᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠢ ᠴᠤᠭᠯᠠᠭᠤᠯᠤᠨ | ᠡᠮᠬᠢᠳᠬᠡᠭᠰᠡᠨ ᠦᠢᠯᠡ ᠶᠠᠪᠤᠳᠠᠯ ᠢ ᠲᠤᠷᠠᠳᠪᠠᠯ᠂ ᠲᠡᠬᠦᠨ ᠢ ᠶᠡᠭᠡ ᠰᠤᠷᠭᠠᠭᠤᠯᠢ ᠶᠢᠨ ᠲᠦᠷᠪᠡᠳᠦᠭᠡᠷ ᠤᠨ | ᠪᠠᠶᠢᠬᠤ ᠳᠤ ᠨᠢᠭᠡᠨ ᠲᠡᠨᠢᠯ ᠨᠢ᠄ ︽ᠨᠢᠳᠤᠨᠤᠨ ᠤ ᠤᠯᠤᠰ ᠤᠨ ᠨᠢᠭᠡᠳᠦᠯᠳᠠᠢ ᠰᠢᠯᠭᠠᠯᠳᠠ ᠶᠢᠨ ᠰᠡᠳᠦᠪ ᠢ ᠤᠯᠵᠦ | ᠦᠭᠴᠦ ᠴᠢᠳᠠᠨ᠎ᠠ ᠤᠤ︖︾ ᠭᠡᠵᠥ ᠭᠤᠶᠤᠭᠰᠠᠨ ᠶᠠᠪᠤᠳᠠᠯ ᠠᠴᠠ ᠡᠬᠢᠯᠡᠨ᠎ᠠ᠃ ᠲᠡᠭᠡᠭᠡᠳ ᠲᠡᠷᠡ ᠤᠯᠤᠰ ᠤᠨ | ᠰᠢᠯᠭᠠᠯᠳᠠ ᠳᠤ ᠤᠷᠤᠯᠴᠠᠬᠤ ᠭᠡᠵᠥ ᠪᠠᠶᠢᠭ᠎ᠠ ᠰᠤᠷᠤᠭᠴᠢᠳ ᠦᠩᠭᠡᠷᠡᠭᠰᠡᠨ ᠵᠢᠯ ᠤᠨ ᠤᠯᠤᠰ ᠤᠨ ᠨᠢᠭᠡᠳᠦᠯᠳᠠᠢ | ᠰᠢᠯᠭᠠᠯᠳᠠ ᠶᠢᠨ ᠵᠢᠩᠬᠢᠨᠢ ᠰᠡᠳᠦᠪ ᠤᠳ ᠢ ᠤᠯᠵᠦ ᠦᠵᠡᠬᠦ ᠱᠠᠭᠠᠷᠳᠠᠯᠭ᠎ᠠ ᠮᠠᠰᠢ ᠲᠤᠯᠭᠠᠮ ᠪᠠᠶᠢᠬᠤ ᠶᠢ ᠮᠡᠳᠡᠵᠦ᠂ | ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠤᠳ ᠢ ᠴᠤᠭᠯᠠᠭᠤᠯᠬᠤ | ᠭᠡᠰᠡᠨ ᠪᠤᠳᠤᠯ ᠤᠷᠭᠤᠪᠠ᠃ ᠰᠠᠶᠢᠰᠢᠶᠠᠯᠳᠤ᠄ ︽ᠮᠤᠩᠭᠤᠯ ᠬᠡᠯᠡᠨ ᠤ ᠰᠢᠯᠭᠠᠯᠳᠠ ᠠᠴᠠ ᠪᠤᠰᠤᠳ ᠬᠢᠴᠢᠶᠡᠯ | ᠲᠦᠷᠦᠯ ᠤᠨ ᠰᠢᠯᠭᠠᠯᠳᠠ ᠶᠢᠨ ᠰᠡᠳᠦᠪ ᠴᠦᠮ ᠬᠢᠳᠠᠳ ᠰᠡᠳᠦᠪ ᠠᠴᠠ ᠤᠷᠴᠢᠭᠤᠯᠤᠭᠰᠠᠨ ᠠᠴᠠ ᠰᠢᠯᠭᠠᠯᠳᠠ ᠶᠢᠨ | ᠵᠢᠩᠬᠢᠨᠢ ᠰᠡᠳᠦᠪ ᠨᠢ ᠤᠯᠳᠠᠬᠤ ᠳᠤ ᠠᠮᠠᠷ᠃ ᠬᠠᠷᠢᠨ ᠮᠤᠩᠭᠤᠯ ᠬᠡᠯᠡᠨ ᠤ ᠵᠢᠩᠬᠢᠨᠢ ᠰᠡᠳᠦᠪ ᠢ ᠤᠯᠬᠤ ᠳᠤ ᠬᠦᠴᠢᠷ᠃ | ᠪᠢ ᠰᠤᠷᠤᠭᠴᠢᠳ ᠲᠤ ᠮᠤᠩᠭᠤᠯ ᠬᠡᠯᠡᠨ ᠤ ᠰᠢᠯᠭᠠᠯᠳᠠ ᠶᠢᠨ ᠵᠢᠩᠬᠢᠨᠢ ᠰᠡᠳᠦᠪ ᠢ ᠡᠮᠬᠢᠳᠬᠡᠨ ᠦᠭᠪᠡᠯ ᠲᠡᠳᠠᠨᠠᠷ ᠤᠨ | ᠲᠠᠪᠳᠠᠬᠤ ᠳᠤᠨᠢ ᠲᠦᠬᠦᠮ ᠪᠤᠯᠵᠥ᠂ ᠮᠤᠩᠭᠤᠯ ᠬᠡᠯᠡᠨ ᠤ ᠪᠠᠭᠰᠢ ᠨᠠᠷ ᠲᠤ ᠴᠦ ᠭᠠᠷ ᠠᠪᠤᠯᠭ᠎ᠠ ᠪᠤᠯᠬᠤ ᠪᠠᠶᠢᠯᠬᠦᠢ | ᠭᠡᠵᠥ ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠰᠡᠳᠦᠪ ᠢ ᠴᠤᠭᠯᠠᠭᠤᠯᠬᠤ ᠪᠠᠷ | ᠤᠷᠤᠯᠳᠤᠯ᠎ᠠ︾ ᠭᠡᠨ᠎ᠠ᠃ | | | | ᠢᠡᠭᠬᠢᠭᠡᠳ ᠶᠡᠭᠡ ᠰᠤᠷᠭᠠᠭᠤᠯᠢ ᠶᠢᠨ ᠲᠦᠷᠪᠡᠳᠤᠭᠡᠷ ᠤᠨ ᠤ ᠤᠶᠤᠳᠠᠨ ᠪᠠᠶᠢᠭᠰᠠᠨ ᠰᠠᠶᠢᠰᠢᠶᠠᠯᠳᠤ 2013 | ᠤᠨ ᠠᠴᠠ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠢ ᠯᠠᠪᠯᠠᠬᠤ ᠬᠠᠷᠢᠭᠤᠯᠳᠠ ᠲᠠᠢ ᠨᠢ | ᠴᠤᠭᠯᠠᠭᠤᠯᠵᠥ ᠡᠬᠢᠯᠡᠪᠡ᠃ ᠭᠡᠳᠡᠯ᠎ᠠ ᠲᠡᠷᠡ ᠲᠤᠰ ᠵᠢᠯ ᠤᠨ 7 ᠰᠠᠷ᠎ᠠ ᠳᠤᠨᠢ ᠶᠡᠭᠡ ᠰᠤᠷᠭᠠᠭᠤᠯᠢ ᠪᠠᠨ ᠲᠡᠬᠦᠰᠦᠭᠡᠳ | ᠲᠦᠷᠪᠡᠳ ᠬᠤᠰᠢᠭᠤᠨ ᠤ ᠮᠤᠩᠭᠤᠯ ᠦᠨᠳᠦᠰᠦᠳᠠᠨ ᠤ ᠲᠤᠮᠳᠠᠳᠤ ᠰᠤᠷᠭᠠᠭᠤᠯᠢ ᠳᠤ ᠵᠢᠩᠬᠢᠨᠢ ᠪᠠᠭᠰᠢ ᠪᠠᠷ | ᠠᠵᠢᠯᠯᠠᠬᠤ ᠪᠤᠯᠤᠭᠰᠠᠨ ᠠᠴᠠ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠢ ᠴᠤᠭᠯᠠᠭᠤᠯᠬᠤ | ᠠᠵᠢᠯ ᠢᠶᠠᠨ ᠤᠷᠤᠭᠰᠢᠳᠠᠢ ᠶᠠᠪᠤᠭᠳᠠᠭᠤᠯᠵᠥ ᠲᠡᠶᠢᠯᠦᠭᠰᠡᠨ ᠦᠭᠡᠢ ᠨᠢ ᠬᠠᠷᠠᠮᠰᠠᠯᠳᠠᠢ ᠪᠠᠶᠢᠯ᠎ᠠ᠃ ᠲᠡᠬᠦᠨ ᠢ 2016 | ᠤᠨ ᠳᠤ ᠬᠦᠬᠡᠬᠤᠳᠠ ᠶᠢᠨ ᠦᠨᠳᠦᠰᠦᠳᠠᠨ ᠤ ᠲᠤᠷᠰᠢᠯᠳᠠ ᠶᠢᠨ ᠰᠤᠷᠭᠠᠭᠤᠯᠢ ᠳᠤ ᠠᠵᠢᠯ ᠰᠢᠯᠵᠢᠨ ᠢᠷᠡᠭᠰᠡᠨ ᠠᠴᠠ | ᠡᠮᠬᠢᠳᠬᠡᠨ ᠴᠤᠭᠯᠠᠭᠤᠯᠬᠤ ᠠᠵᠢᠯ ᠤᠨ ᠨᠦᠬᠦᠴᠡᠯ ᠨᠢ ᠰᠠᠶ᠋ᠢ ᠪᠦᠷᠢᠯᠳᠦᠵᠦ᠂ ᠨᠠᠶᠢᠵᠠ ᠨᠦᠬᠦᠳ ᠠᠴᠠ ᠪᠠᠨ | ᠤᠢᠢᠷᠠᠬᠠᠨ ᠪᠤᠯᠵᠥ ᠲᠡᠳᠠᠨᠠᠷ ᠤᠨ ᠢᠶᠠᠨ ᠬᠠᠪᠰᠤᠷᠤᠯᠭ᠎ᠠ ᠲᠠᠮᠵᠢᠯᠭᠡ ᠶᠢ ᠬᠦᠷᠲᠡᠵᠤ᠂ ᠤᠯᠤᠰ ᠤᠨ ᠨᠢᠭᠡᠳᠦᠯᠳᠠᠢ | ᠰᠢᠯᠭᠠᠯᠳᠠ ᠶᠢᠨ ᠵᠢᠩᠬᠢᠨᠢ ᠰᠡᠳᠦᠪ ᠢ ᠴᠤᠭᠯᠠᠭᠤᠯᠬᠤ ᠠᠵᠢᠯ ᠨᠢ ᠲᠠᠬᠢᠨ ᠤᠷᠤᠭᠰᠢᠳᠠᠢ᠂ ᠲᠦᠷᠭᠡᠨ ᠶᠠᠪᠤᠭᠳᠠᠵᠥ | ᠴᠢᠳᠠᠭᠰᠠᠨ ᠪᠠᠶᠢᠪᠠ᠃ ᠡᠮᠬᠢᠳᠭᠡᠨ ᠨᠠᠶᠢᠷᠠᠭᠤᠯᠬᠤ ᠠᠵᠢᠯ ᠨᠢ 2016 ᠤᠨ ᠠᠴᠠ 2018 ᠤᠨ ᠤ ᠡᠬᠢᠨ | ᠪᠤᠯᠳᠠᠯ᠎ᠠ ᠬᠠᠮᠤᠭ ᠡᠷᠴᠢ ᠬᠦᠴᠤᠳᠠᠢ ᠶᠠᠪᠤᠭᠳᠠᠵᠥ᠂ ᠲᠦᠴᠢᠭᠡᠳ ᠵᠢᠯ ᠤᠨ ᠲᠤᠷᠰᠢᠬᠢ ᠮᠤᠩᠭᠤᠯ ᠬᠡᠯᠡ ᠪᠢᠴᠢᠭ ᠤᠨ | ᠤᠯᠤᠰ ᠤᠨ ᠨᠢᠭᠡᠳᠦᠯᠳᠠᠢ ᠰᠢᠯᠭᠠᠯᠳᠠ ᠶᠢᠨ ᠰᠡᠳᠦᠪ ᠢ ᠪᠠᠷᠤᠭ ᠪᠦᠬᠦᠨ ᠢ ᠴᠤᠭᠯᠠᠭᠤᠯᠵᠥ ᠲᠠᠭᠤᠰᠬᠠᠪᠠ᠃ | ᠠᠮᠵᠢᠯᠳᠠ ᠤᠯᠬᠤ ᠳᠤ ᠠᠨᠳᠠ ᠨᠦᠬᠦᠳ ᠤᠨ ᠢᠶᠠᠨ ᠬᠠᠪᠰᠤᠷᠤᠯᠭ᠎ᠠ ᠲᠠᠮᠵᠢᠯᠭᠡ ᠶᠢ ᠮᠠᠷᠳᠠᠵᠥ ᠪᠤᠯᠬᠤ ᠦᠭᠡᠢ᠃ | ᠲᠡᠷᠡ ᠰᠤᠷᠪᠤᠯᠵᠢᠯᠠᠭᠴᠢ ᠳᠤ᠄ ︽ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ | ᠰᠤᠳᠤᠯᠤᠯ ᠤᠨ ᠳᠡᠭᠡᠳᠦ ᠰᠤᠷᠭᠠᠭᠤᠯᠢ ᠳᠤ ᠪᠠᠭᠰᠢᠯᠠᠵᠥ ᠪᠠᠶᠢᠭ᠎ᠠ ᠮᠢᠨᠦ ᠬᠠᠮᠳᠤ ᠰᠤᠷᠤᠭᠴᠢ ᠰᠡᠴᠡᠨᠳᠦ ᠳ᠋ᠤᠺᠲ᠋ᠤᠷ | ᠨᠠᠳᠠᠳᠤ ᠮᠠᠰᠢ ᠶᠡᠭᠡ ᠲᠡᠮᠵᠢᠯᠭᠡ ᠦᠵᠡᠬᠦᠯᠤᠯᠠ ᠰᠢᠤ︕ ᠲᠡᠷᠡ ᠮᠡᠨᠢ ᠮᠢᠨᠦ ᠤᠯᠤᠰ ᠤᠨ ᠨᠢᠭᠡᠳᠦᠯᠳᠠᠢ ᠰᠢᠯᠭᠠᠯᠳᠠ | ᠴᠤᠭᠯᠠᠭᠤᠯᠵᠥ ᠪᠠᠶᠢᠭ᠎ᠠ ᠶᠢ ᠮᠡᠳᠡᠭᠰᠡᠨ ᠤ ᠰᠡᠬᠦᠯᠡᠷ ︿ᠨᠠᠶᠢᠵᠠ ᠨᠢ ᠦᠯᠡᠳᠡᠵᠥ ᠪᠠᠶᠢᠭ᠎ᠠ ᠡᠮᠬᠢᠳᠬᠡᠨ ᠴᠤᠭᠯᠠᠭᠤᠯᠬᠤ | ᠠᠵᠢᠯ ᠳᠤ ᠴᠢᠨᠢ ᠲᠤᠰᠠ ᠲᠠᠮ ᠪᠤᠯᠤᠶ᠎ᠠ﹀ ᠭᠡᠵᠥ ᠴᠤᠭᠯᠠᠭᠤᠯᠵᠥ ᠤᠯᠤᠭᠠᠳᠤᠢ ᠰᠢᠯᠭᠠᠯᠳᠠ ᠶᠢᠨ ᠰᠡᠳᠦᠪ ᠤᠨ | ᠨᠡᠯᠢᠶᠡᠳ ᠢ ᠬᠠᠪᠰᠤᠷᠴᠦ ᠴᠤᠭᠯᠠᠭᠤᠯᠵᠥ ᠦᠭᠴᠠᠢ︾ ᠭᠡᠮᠡᠨ ᠨᠠᠶᠢᠵᠠ ᠳᠠᠭᠠᠨ ᠮᠠᠰᠢ ᠶᠡᠭᠡ ᠲᠠᠯᠠᠷᠬᠠᠨ ᠶᠠᠷᠢᠨ᠎ᠠ᠃ | 2019 ᠤᠨ ᠤ 11 ᠰᠠᠷ᠎ᠠ ᠳᠤ ᠤᠯᠠᠨ ᠤ ᠲᠡᠮᠵᠢᠯᠭᠡ ᠪᠠᠷ ᠰᠠᠶᠢᠰᠢᠶᠠᠯᠳᠤ ᠶᠢᠨ ᠬᠦᠴᠦ ᠬᠦᠳᠡᠯᠮᠤᠷᠢ ᠪᠠᠨ | ᠵᠠᠷᠤᠴᠠᠭᠤᠯᠵᠥ᠂ ᠮᠤᠩᠭᠤᠯ ᠬᠡᠯᠡᠨ ᠤ ᠤᠯᠤᠰ ᠤᠨ ᠨᠢᠭᠡᠳᠦᠯᠳᠠᠢ ᠰᠢᠯᠭᠠᠯᠳᠠ ᠶᠢᠨ ᠲᠠᠤᠬᠡᠨ ᠤᠯᠠ ᠮᠦᠷ ᠢ | ᠲᠡᠮᠳᠡᠭᠯᠡᠵᠦ᠂ ᠮᠤᠩᠭᠤᠯ ᠰᠤᠶᠤᠯ ᠤᠨ ᠬᠦᠭᠵᠢᠯᠳᠡ ᠶᠢ ᠲᠤᠰᠬᠠᠭᠰᠠᠨ ᠦᠨ᠎ᠠ ᠦᠷᠳᠡᠭ ᠪᠦᠬᠦᠢ ᠡᠨᠡ ᠬᠦ ᠲᠤᠮᠤᠬᠠᠨ | ᠪᠦᠳᠦᠭᠡᠯ ᠵᠢᠩᠬᠢᠨᠢ ᠪᠠᠷ ᠬᠡᠪᠯᠡᠭᠳᠡᠨ ᠦᠷᠭᠡᠨ ᠤᠯᠠᠨ ᠤᠩᠰᠢᠭᠴᠢ᠂ ᠪᠠᠭᠰᠢ ᠰᠤᠷᠤᠭᠴᠢ᠂ ᠰᠤᠳᠤᠯᠤᠬᠴᠢ᠂ ᠦᠪ | ᠰᠤᠶᠤᠯ ᠳᠠᠭᠠᠨ ᠬᠠᠶᠢᠷᠠᠳᠠᠢ ᠬᠦᠮᠦᠰ ᠤᠨ ᠨᠤᠮ ᠤᠨ ᠰᠢᠷᠡᠬᠡᠨ ᠳᠤ ᠲᠡᠯᠭᠡᠭᠳᠡᠯ᠎ᠠ᠃ | ᠲᠤᠰ ᠨᠤᠮ ᠨᠢ ᠤᠯᠤᠰ ᠤᠨ ᠨᠢᠭᠡᠳᠦᠯᠳᠠᠢ ᠰᠢᠯᠭᠠᠯᠳᠠ ᠶᠢ ᠰᠡᠷᠭᠦᠭᠡᠭᠰᠡᠨ 1977 ᠤᠨ ᠠᠴᠠ 2019 ᠤᠨ | ᠪᠤᠯᠳᠠᠯᠠᠬᠢ 43 ᠵᠢᠯ ᠤᠨ 46 ᠬᠤᠪᠢ ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ | ᠵᠢᠩᠬᠢᠨᠢ ᠰᠡᠳᠦᠪ ᠢ ᠬᠠᠷᠢᠭᠤᠯᠳᠠ ᠲᠠᠢ ᠨᠢ ᠪᠠᠭᠳᠠᠭᠠᠭᠰᠠᠨ ᠶᠤᠮ᠃ ᠰᠠᠶᠢᠰᠢᠶᠠᠯᠳᠤ᠄ ︽ᠶᠠᠭᠠᠬᠢᠭᠠᠳ 46 ᠬᠤᠪᠢ | ᠰᠡᠳᠦᠪ ᠪᠠᠶᠢᠬᠤ ᠪᠤᠢ︖ ᠭᠡᠬᠦᠯᠡᠷ 2001 ᠤᠨ ᠠᠴᠠ 2003 ᠤᠨ ᠳᠤ ᠪᠤᠯᠳᠠᠯ᠎ᠠ ᠵᠤᠨ ᠤ ᠤᠯᠠᠷᠢᠯ ᠤᠨ | ᠰᠢᠯᠭᠠᠯᠳᠠ ᠠᠴᠠ ᠭᠠᠳᠠᠨ᠎ᠠ ᠬᠠᠪᠤᠷ ᠤᠨ ᠤᠯᠠᠷᠢᠯ ᠳᠤ ᠪᠠᠰᠠ ᠨᠢᠭᠡ ᠤᠳᠠᠭ᠎ᠠ ᠪᠦᠬᠦ ᠤᠯᠤᠰ ᠤᠨ ᠨᠢᠭᠡᠳᠦᠯᠳᠠᠢ | ᠰᠢᠯᠭᠠᠯᠳᠠ ᠶᠠᠪᠤᠭᠳᠠᠵᠥ ᠪᠠᠶᠢᠯ᠎ᠠ᠃ ᠲᠡᠭᠡᠭᠡᠳ 43 ᠵᠢᠯ ᠳᠤ ᠨᠠᠶᠢᠳᠠ 46 ᠬᠤᠪᠢ ᠰᠢᠯᠭᠠᠯᠳᠠ ᠶᠢᠨ ᠰᠡᠳᠦᠪ | ᠭᠠᠷᠤᠭᠰᠠᠨ ᠪᠠᠶᠢᠨ᠎ᠠ︾ ᠭᠡᠵᠥ ᠲᠠᠶᠢᠯᠪᠤᠷᠢᠯᠠᠨ᠎ᠠ᠃ | ᠰᠠᠶᠢᠰᠢᠶᠠᠯᠳᠤ ᠪᠠᠭᠰᠢ ᠠᠵᠢᠯ ᠤᠨ ᠴᠢᠯᠦᠭᠡ ᠵᠠᠪ ᠢᠶᠠᠷ ᠢᠶᠠᠨ ︽21 ᠳ᠋ᠤᠭᠡᠷ ᠵᠠᠭᠤᠨ ᠤ ᠮᠤᠩᠭᠤᠯ ᠢᠶᠠᠷ | ᠬᠢᠴᠢᠶᠡᠯᠯᠡᠬᠦ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠭᠤᠯᠤᠭᠰᠠᠳ ᠲᠤ ᠵᠤᠷᠢᠭᠤᠯᠤᠭᠰᠠᠨ ᠤᠩᠰᠢᠬᠤ | ᠪᠢᠴᠢᠭ︾ ᠢᠶᠠᠨ ᠡᠮᠬᠢᠳᠬᠡᠨ ᠨᠠᠶᠢᠷᠠᠭᠤᠯᠤᠭᠰᠠᠨ ᠨᠢ ᠦᠨᠳᠦᠰᠦᠳᠠᠨ ᠤ ᠦᠭᠡ ᠬᠡᠯᠡ ᠦᠰᠦᠭ ᠪᠢᠴᠢᠭ ᠪᠡ | ᠤᠯᠠᠮᠵᠢᠯᠠᠯᠳᠤ ᠰᠤᠶᠤᠯ ᠳᠠᠭᠠᠨ ᠦᠪᠡᠷ ᠤᠨ ᠭᠡᠰᠡᠨ ᠬᠦᠴᠦᠨ ᠵᠢᠳᠬᠦᠯ ᠢᠶᠠᠨ ᠨᠡᠮᠡᠷᠢᠯᠡᠭᠰᠠᠨ ᠨᠢ ᠲᠠᠮᠵᠢᠭ ᠦᠬᠡᠢ᠃ | ᠲᠡᠷᠡ ᠮᠡᠨᠢ ᠮᠦᠨ ᠴᠤ ᠵᠢᠭᠠᠨ ᠰᠤᠷᠭᠠᠯᠳᠠ ᠶᠢᠨ ᠠᠵᠢᠯ ᠳᠠᠭᠠᠨ ᠬᠢᠯᠠᠯᠵᠠᠭᠤᠯᠵᠥ ᠶᠠᠪᠤᠭ᠎ᠠ ᠵᠠᠯᠠᠭᠤ ᠰᠢᠯᠢᠳᠡᠭ ᠪᠠᠭᠰᠢ | ᠶᠤᠮ᠃ ᠲᠡᠷᠡ ᠶᠡᠭᠡ ᠰᠤᠷᠭᠠᠭᠤᠯᠢ ᠪᠠᠨ ᠲᠡᠬᠦᠰᠦᠭᠡᠳ ᠪᠠᠭᠰᠢ ᠶᠢᠨ ᠠᠵᠢᠯ ᠤᠨ ᠭᠠᠷᠤᠭᠠᠨ ᠳᠤ ᠭᠠᠷᠤᠭᠰᠠᠨ ᠠᠴᠠ | ᠨᠠᠭᠠᠰᠢ ᠬᠤᠰᠢᠭᠤᠨ ᠲᠡᠰ ᠤᠨ ᠰᠢᠯᠢᠳᠡᠭ ᠠᠩᠬᠢ ᠶᠢᠨ ᠡᠷᠬᠢᠯᠡᠭᠴᠢ᠂ ᠪᠦᠬᠦ ᠤᠷᠤᠨ ᠤ ᠲᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠦᠨᠳᠦᠰᠦᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠲᠡᠰ᠂ ᠪᠦᠬᠦ | ᠤᠷᠤᠨ ᠤ ᠦᠬᠦᠯᠡᠯ ᠤᠨ ᠤᠷᠤᠯᠳᠤᠭᠠᠨ ᠤ ᠨᠢᠭᠡᠳᠦᠭᠡᠷ ᠲᠡᠰ ᠭᠡᠬᠦ ᠮᠡᠳᠦ ᠶᠢᠨ ᠱᠠᠩᠨᠠᠯ ᠬᠦᠬᠢᠬᠦᠯᠤᠯ ᠢ ᠠᠷᠪᠠ ᠭᠠᠷᠤᠢ | ᠤᠳᠠᠭ᠎ᠠ ᠬᠦᠷᠳᠡᠪᠠ᠃ | ᠰᠠᠶᠢᠨ ᠪᠠᠭᠰᠢ ᠰᠠᠶᠢᠰᠢᠶᠠᠯᠳᠤ ᠶᠢᠨ ᠰᠠᠷᠠᠭᠤᠯ ᠦᠢᠯᠡᠰ ᠤᠨ ᠤᠯᠠᠮ ᠪᠠᠳᠠᠷᠠᠨ ᠳᠡᠯᠭᠡᠷᠡᠬᠦ ᠶᠢ ᠬᠦᠰᠡᠨ ᠵᠦᠩᠨᠡᠶ᠎ᠠ | ︕ ᠰᠢᠯᠭᠠᠯᠳᠠ ᠳᠤ ᠤᠷᠤᠯᠴᠠᠬᠤ ᠲᠡᠬᠦᠤᠨᠠᠷ ᠲᠤ ᠲᠡᠬᠦᠨ ᠤ ᠨᠠᠶᠢᠷᠠᠭᠤᠯᠤᠨ ᠡᠮᠬᠢᠳᠬᠡᠭᠰᠡᠨ ᠨᠤᠮ ᠲᠤᠰᠠ ᠪᠤᠯᠬᠤ ᠨᠢ | ᠯᠠᠪᠳᠠᠢ᠃ |