ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠠᠰᠬᠠᠯ ᠲᠠᠭᠠᠭᠠᠯᠭᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠬᠤ | ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 9 ᠵᠦᠶ᠋ᠯ ᠤᠨ ᠠᠷᠭ᠎ᠠ ᠬᠡᠮᠵᠢᠶ᠎ᠡ ᠶᠢ ᠭᠠᠷᠭᠠᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠠᠰᠬᠠᠯ ᠲᠠᠭᠠᠭᠠᠯᠭᠠᠪᠤᠷᠢ ᠶᠢ ᠤᠯᠠᠮ ᠨᠢᠭᠡ ᠠᠯᠬᠤᠮ | ᠵᠢᠷᠤᠮᠵᠢᠭᠤᠯᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠨᠤᠭᠤᠳ ᠬᠢᠴᠢᠶᠡᠯ ᠤᠨ ᠪᠠᠷᠢᠮᠵᠢᠶ᠎ᠠ ᠠᠴᠠ ᠬᠡᠲᠦᠷᠡᠭᠰᠡᠨ᠂ ᠠᠬᠢᠴᠠ ᠠᠴᠠ ᠲᠠᠪᠠᠭᠰᠠᠨ | ᠲᠠᠰᠬᠠᠯ ᠲᠠᠭᠠᠭᠠᠯᠭᠠᠪᠤᠷᠢ ᠦᠯᠡᠳᠡᠭᠡᠬᠦ ᠶᠢ ᠴᠢᠩᠭ᠎ᠠ ᠴᠠᠭᠠᠵᠠᠯᠠᠵᠤ᠂ ᠲᠠᠰᠬᠠᠯ ᠲᠠᠭᠠᠭᠠᠯᠭᠠᠪᠤᠷᠢ ᠶᠢᠨ ᠬᠡᠮᠵᠢᠶ᠎ᠡ ᠪᠣᠯᠤᠨ | ᠲᠠᠰᠬᠠᠯ ᠲᠠᠭᠠᠭᠠᠯᠭᠠᠪᠤᠷᠢ ᠬᠢᠬᠦ ᠴᠠᠭ ᠢ ᠴᠢᠩᠭ᠎ᠠ ᠬᠢᠵᠠᠭᠠᠷᠯᠠᠬᠤ ᠬᠡᠷᠡᠭᠲᠡᠶ ᠭᠡᠵᠦ ᠱᠠᠭᠠᠷᠳᠠᠵᠠᠢ᠃ ᠱᠠᠭᠠᠷᠳᠠᠯᠭ᠎ᠠ ᠶᠢ | ᠦᠨᠳᠦᠰᠦᠯᠡᠪᠡᠯ᠂ ᠪᠠᠭ᠎ᠠ ᠰᠤᠷᠭᠠᠭᠤᠯᠢ ᠶᠢᠨ ᠨᠢᠭᠡᠳᠦᠭᠡᠷ᠂ ᠬᠤᠶᠠᠳᠤᠭᠠᠷ ᠣᠨ ᠳᠤ ᠬᠡᠷ ᠤᠨ ᠳᠠᠰᠬᠠᠯ ᠦᠯᠡᠳᠡᠭᠡᠬᠦ | ᠥᠬᠡᠶ᠂ ᠪᠤᠰᠤᠳ ᠣᠨ ᠤ ᠡᠳᠦᠷ ᠪᠦᠷᠢ ᠶᠢᠨ ᠪᠢᠴᠢᠬᠦ ᠳᠠᠰᠬᠠᠯ ᠲᠠᠭᠠᠭᠠᠯᠭᠠᠪᠤᠷᠢ ᠶᠢ ᠪᠡᠶᠡᠯᠡᠭᠦᠯᠬᠦ ᠪᠥᠬᠦ ᠴᠠᠭ ᠨᠢ | ᠬᠠᠮᠤᠭ ᠤᠷᠳᠦ ᠳᠠᠭᠠᠨ 1 ᠴᠠᠭ ᠠᠴᠠ ᠬᠡᠲᠦᠷᠡᠵᠦ ᠪᠣᠯᠬᠤ ᠥᠬᠡᠶ︔ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ ᠲᠠᠰᠬᠠᠯ ᠲᠠᠭᠠᠭᠠᠯᠭᠠᠪᠤᠷᠢ ᠬᠢᠬᠦ ᠴᠠᠭ ᠢ 2 ᠴᠠᠭ ᠤᠨ | ᠳᠣᠲᠣᠷ᠎ᠠ ᠪᠠᠶᠢᠯᠭᠠᠨ᠎ᠠ᠃ ᠪᠠᠭᠰᠢ ᠨᠠᠷ ᠤᠷᠢᠳᠴᠢᠯᠠᠨ ᠳᠠᠪᠲᠠᠬᠤ ᠵᠡᠷᠭᠡ ᠳᠠᠰᠬᠠᠯ ᠤᠨ ᠲᠥᠷᠥᠯ ᠬᠡᠯᠪᠡᠷᠢ᠂ | ᠬᠡᠪᠴᠢᠶ᠎ᠡ ᠶᠢ ᠵᠣᠬᠢᠰᠲᠠᠶ ᠲᠣᠬᠢᠷᠠᠭᠤᠯᠵᠤ᠂ ᠰᠤᠩᠭᠤᠯᠳᠠ ᠦᠭᠡᠢ ᠪᠠᠷ ᠲᠡᠪᠳᠡᠷ ᠲᠡᠪᠳᠡᠷ ᠢᠶᠠᠷ ᠨᠢ ᠲᠠᠰᠬᠠᠯ | ᠲᠠᠭᠠᠭᠠᠯᠭᠠᠪᠤᠷᠢ ᠦᠯᠡᠳᠡᠬᠡᠬᠦ ᠪᠠ ᠠᠬᠢᠨ ᠲᠠᠬᠢᠨ ᠬᠠᠭᠤᠯᠤᠨ ᠪᠢᠴᠢᠬᠦ ᠴᠢᠨᠠᠷᠲᠠᠶ ᠲᠠᠰᠬᠠᠯ ᠲᠠᠭᠠᠭᠠᠯᠭᠠᠪᠤᠷᠢ ᠦᠯᠡᠳᠡᠬᠡᠬᠦ | ᠦᠵᠡᠭᠳᠡᠯ ᠢ ᠲᠠᠰᠤ ᠵᠣᠭᠰᠣᠭᠠᠬᠤ ᠬᠡᠷᠡᠭᠲᠡᠶ᠃ ᠶᠡᠷᠦᠩᠬᠡᠶᠢᠯᠡᠭᠰᠡᠨ ᠦᠢᠯᠡᠳᠦᠯᠭᠡ ᠶᠢᠨ ᠴᠢᠨᠠᠷᠳᠠᠢ ᠳᠠᠰᠬᠠᠯ | ᠲᠠᠭᠠᠭᠠᠯᠭᠠᠪᠤᠷᠢ ᠶᠢ ᠵᠣᠬᠢᠰᠲᠠᠶ ᠪᠠᠶᠢᠷᠢᠯᠠᠭᠤᠯᠵᠤ᠂ ᠳᠠᠰᠬᠠᠯ ᠲᠠᠭᠠᠭᠠᠯᠭᠠᠪᠤᠷᠢ ᠨᠢ ᠰᠤᠷᠤᠭᠴᠢᠳ ᠤᠨ ᠨᠠᠰᠤᠨ ᠤ | ᠣᠨᠴᠠᠯᠢᠭ ᠲᠤ ᠨᠡᠶᠢᠴᠡᠵᠦ᠂ ᠰᠤᠷᠤᠭᠴᠢᠳ ᠤᠨ ᠪᠡᠶ᠎ᠡ ᠪᠠᠨ ᠳᠠᠭᠠᠭᠠᠵᠤ ᠪᠡᠶᠡᠯᠡᠭᠦᠯᠵᠦ ᠴᠢᠳᠠᠬᠤ ᠶᠢ ᠠᠩᠬᠠᠷᠴᠦ᠂ | ᠰᠣᠷᠣᠭᠴᠢ ᠪᠠ ᠬᠡᠷ ᠤᠨ ᠠᠬᠠᠮᠠᠳ ᠤᠨ ᠳᠠᠷᠤᠭᠠᠰᠤ ᠶᠢ ᠨᠡᠮᠡᠭᠳᠡᠭᠦᠯᠵᠦ ᠪᠣᠯᠬᠤ ᠥᠬᠡᠶ᠃ | ᠡᠭᠦᠨ ᠤ ᠬᠠᠮᠲᠤ᠂ ᠪᠠᠭᠰᠢ ᠶᠢᠨ ᠵᠢᠷᠬᠢᠶ᠎ᠡ᠂ QQ ᠬᠤᠯᠪᠤᠭ᠎ᠠ ᠪᠠᠷ ᠳᠠᠰᠬᠠᠯ ᠲᠠᠭᠠᠭᠠᠯᠭᠠᠪᠤᠷᠢ ᠦᠯᠡᠳᠡᠬᠡᠬᠦ ᠶᠢ | ᠴᠢᠩᠭ᠎ᠠ ᠴᠠᠭᠠᠵᠠᠯᠠᠨ᠎ᠠ᠃ ᠪᠠᠭᠰᠢ ᠶᠢᠨ ᠲᠠᠰᠬᠠᠯ ᠲᠠᠭᠠᠭᠠᠯᠭᠠᠪᠤᠷᠢ ᠦᠯᠡᠳᠡᠬᠡᠬᠦ᠂ ᠳᠠᠰᠬᠠᠯ ᠲᠠᠭᠠᠭᠠᠯᠭᠠᠪᠤᠷᠢ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠭᠡᠷ ᠤᠨ ᠠᠬᠠᠮᠠᠳ ᠢ ᠪᠠᠭᠰᠢ ᠶᠢᠨ | ᠦᠯᠡᠳᠡᠬᠡᠭᠰᠡᠨ ᠳᠠᠰᠬᠠᠯ ᠲᠠᠭᠠᠭᠠᠯᠭᠠᠪᠤᠷᠢ ᠪᠤᠶᠤ ᠬᠡᠦᠬᠡᠳ ᠤᠨ ᠳᠠᠰᠬᠠᠯ ᠲᠠᠭᠠᠭᠠᠯᠭᠠᠪᠤᠷᠢ ᠶᠢᠨ ᠪᠤᠷᠤᠭᠤ ᠶᠢ | ᠵᠠᠯᠠᠷᠠᠭᠤᠯᠬᠤ ᠪᠠᠷ ᠱᠠᠭᠠᠷᠳᠠᠵᠤ ᠪᠣᠯᠬᠤ ᠦᠭᠡᠢ᠂ ᠭᠡᠷ ᠤᠨ ᠠᠬᠠᠮᠠᠳ ᠢ ᠰᠦᠯᠵᠢᠶ᠎ᠡ ᠪᠠᠷ ᠳᠠᠰᠬᠠᠯ ᠲᠠᠭᠠᠭᠠᠯᠭᠠᠪᠤᠷᠢ ᠶᠢ | ᠪᠠᠭᠤᠯᠭᠠᠬᠤ ᠶᠢᠨ ᠬᠠᠮᠲᠤ ᠳᠠᠷᠤᠮᠠᠯᠯᠠᠭᠤᠯᠬᠤ ᠪᠠᠷ ᠱᠠᠭᠠᠷᠳᠠᠵᠤ ᠪᠣᠯᠬᠤ ᠦᠭᠡᠢ᠃ ᠰᠤᠷᠭᠠᠭᠤᠯᠢ ᠨᠢ ᠡᠯ᠎ᠡ ᠤᠨ ᠤ | ᠳᠠᠰᠬᠠᠯ ᠲᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ ᠵᠢᠴᠢ ᠵᠠᠰᠠᠵᠦ ᠬᠢᠨᠠᠬᠰᠠᠨ ᠪᠠᠶᠢᠳᠠᠯ ᠢ ᠲᠣᠭᠲᠠᠭᠰᠠᠨ | ᠬᠤᠭᠤᠴᠠᠭ᠎ᠠ ᠲᠠᠢ ᠪᠠᠷ ᠪᠠᠶᠢᠴᠠᠭᠠᠵᠤ᠂ ᠪᠠᠭᠰᠢ ᠶᠢᠨ ᠳᠠᠰᠬᠠᠯ ᠲᠠᠭᠠᠭᠠᠯᠭᠠᠪᠤᠷᠢ ᠦᠯᠡᠳᠡᠬᠡᠬᠦ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠲᠡᠭᠡᠬᠦ ᠮᠥᠷᠲᠡᠭᠡᠨ ᠪᠠᠭᠰᠢ ᠨᠠᠷ ᠢ ᠦᠯᠡᠳᠡᠬᠡᠭᠰᠡᠨ ᠳᠠᠰᠬᠠᠯ ᠲᠠᠭᠠᠭᠠᠯᠭᠠᠪᠤᠷᠢ ᠶᠢ ᠪᠦᠬᠦᠨ ᠢ | ᠬᠢᠨᠠᠵᠦ ᠵᠠᠰᠠᠬᠰᠠᠨ ᠪᠠᠶᠢᠬᠤ ᠬᠡᠷᠡᠭᠲᠡᠶ ᠭᠡᠵᠦ ᠱᠠᠭᠠᠷᠳᠠᠵᠤ᠂ ᠣᠯᠠᠨ ᠶᠠᠩᠵᠤᠴᠢᠯᠠᠭᠰᠠᠨ ᠦᠨᠡᠯᠡᠯᠲᠡ ᠶᠢᠨ ᠠᠷᠭ᠎ᠠ | ᠮᠠᠶ᠋ᠢᠭ ᠢ ᠠᠪᠴᠤ᠂ ᠴᠠᠭ ᠲᠤᠬᠠᠶ ᠳᠤᠨᠢ ᠰᠤᠷᠤᠭᠴᠢᠳ ᠲᠤ ᠳᠠᠰᠬᠠᠯ ᠲᠠᠭᠠᠭᠠᠯᠭᠠᠪᠤᠷᠢ ᠬᠢᠨᠠᠬᠰᠠᠨ ᠳ᠋ᠦᠩ ᠢ | ᠲᠤᠰᠬᠠᠵᠤ᠂ ᠲᠡᠷᠡᠴᠢᠯᠡᠨ ᠰᠤᠷᠤᠭᠴᠢᠳ ᠤᠨ ᠳᠠᠰᠬᠠᠯ ᠲᠠᠭᠠᠭᠠᠯᠭᠠᠪᠤᠷᠢ ᠪᠤᠷᠤᠭᠤᠳᠠᠭᠰᠠᠨ ᠤ ᠰᠢᠯᠲᠠᠭᠠᠨ ᠢ ᠨᠠᠷᠢᠨ | ᠬᠢᠨᠠᠮᠠᠭᠠᠢ ᠵᠠᠳᠠᠯᠵᠦ ᠦᠭᠬᠦᠨ᠂ ᠰᠤᠷᠤᠭᠴᠢᠳ ᠢ ᠬᠠᠪᠰᠤᠷᠤᠨ ᠰᠤᠷᠤᠯᠴᠠᠯᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ | ᠵᠠᠳᠠᠯᠵᠦ᠂ ᠳᠠᠰᠬᠠᠯ ᠲᠠᠭᠠᠭᠠᠯᠭᠠᠪᠤᠷᠢ ᠶᠢᠨ ᠵᠢᠭᠠᠨ ᠰᠤᠷᠭᠠᠯᠲᠠ ᠳᠤ ᠦᠵᠡᠬᠦᠯᠬᠦ ᠴᠢᠳᠠᠮᠵᠢ ᠶᠢ ᠢᠳᠡᠪᠬᠢᠲᠡᠢ | ᠪᠠᠳᠠᠷᠠᠭᠤᠯᠬᠤ ᠬᠡᠷᠡᠭᠲᠡᠢ᠃ | ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠰᠤᠷᠭᠠᠭᠤᠯᠢ ᠶᠢ ᠭᠡᠷ ᠪᠦᠯᠢ | ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠵᠤ᠂ ︽ᠰᠤᠷᠭᠠᠭᠤᠯᠢ | ᠳᠣᠲᠣᠷᠠᠬᠢ ᠳᠠᠷᠤᠭᠠᠰᠤ ᠶᠢ ᠬᠥᠩᠭᠡᠷᠡᠭᠦᠯᠬᠦ ᠶᠠᠪᠤᠴᠠ ᠳᠤ ᠰᠤᠷᠭᠠᠭᠤᠯᠢ ᠶᠢᠨ ᠭᠠᠳᠠᠨᠠᠬᠢ ᠳᠠᠷᠤᠭᠠᠰᠤ ᠨᠡᠮᠡᠭᠳᠡᠬᠦ︾ | ᠦᠵᠡᠭᠳᠡᠯ ᠭᠠᠷᠬᠤ ᠠᠴᠠ ᠵᠠᠶᠢᠯᠠᠰᠬᠢᠵᠦ᠂ ᠰᠤᠷᠤᠭᠴᠢᠳ ᠤᠨ ᠤᠨᠲᠠᠯᠭ᠎ᠠ ᠶᠢᠨ ᠴᠠᠭ ᠢ ᠪᠠᠲᠤᠯᠠᠬᠤ ᠬᠡᠷᠡᠭᠳᠠᠢ᠃ ᠡᠯ᠎ᠡ | ᠭᠠᠵᠠᠷ ᠤᠨ ᠬᠢᠨ ᠰᠤᠷᠭᠠᠭᠤᠯᠢ ᠶᠢᠨ ᠬᠦᠷᠢᠶᠡᠨ ᠳᠤ ᠡᠯ᠎ᠡ ᠲᠥᠷᠥᠯ ᠤᠨ ᠨᠡᠶᠢᠭᠡᠮ ᠤᠨ ᠴᠢᠨᠠᠷᠲᠠᠶ ᠠᠵᠢᠯᠯᠠᠭ᠎ᠠ ᠶᠢ | ᠣᠷᠣᠭᠤᠯᠬᠤ ᠶᠢ ᠴᠢᠩᠭ᠎ᠠ ᠬᠢᠵᠠᠭᠠᠷᠯᠠᠵᠤ᠂ ᠪᠠᠭᠰᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠬᠢᠬᠦ ᠪᠠ ᠳᠠᠰᠬᠠᠯ | ᠲᠠᠭᠠᠭᠠᠯᠭᠠᠪᠤᠷᠢ ᠵᠠᠰᠠᠬᠤ ᠬᠡᠪ ᠤᠨ ᠴᠠᠭ ᠢ ᠪᠠᠲᠤᠯᠠᠬᠤ ᠬᠡᠷᠡᠭᠲᠡᠶ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠰᠠᠯᠠᠭ᠎ᠠ ᠮᠥᠴᠢᠷ ᠠᠴᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ᠂ ᠬᠢᠨᠠᠨ | ᠵᠢᠯᠣᠭᠤᠳᠴᠤ ᠦᠨᠡᠯᠡᠨ ᠵᠢᠱᠢᠬᠦ ᠭᠦᠶ᠋ᠴᠡᠳᠬᠡᠯ ᠲᠤᠭ᠎ᠠ ᠶᠢ ᠴᠠᠭ ᠲᠤᠬᠠᠶ ᠳᠤᠨᠢ ᠲᠤᠬᠢᠷᠠᠭᠤᠯᠤᠨ ᠲᠡᠭᠦᠯᠳᠡᠷᠵᠢᠭᠦᠯᠵᠦ᠂ | ᠰᠤᠷᠭᠠᠭᠤᠯᠢ ᠶᠢᠨ ᠲᠠᠰᠬᠠᠯ ᠲᠠᠭᠠᠭᠠᠯᠭᠠᠪᠤᠷᠢ ᠶᠢᠨ ᠶᠠᠰᠤ ᠴᠢᠨᠠᠷ᠂ ᠲᠠᠰᠬᠠᠯ ᠲᠠᠭᠠᠭᠠᠯᠭᠠᠪᠤᠷᠢ ᠶᠢᠨ ᠳᠠᠷᠤᠭᠠᠰᠤ ᠵᠡᠷᠭᠡ | ᠪᠠᠶᠢᠳᠠᠯ ᠢ ᠬᠢᠨᠠᠨ ᠵᠢᠯᠣᠭᠤᠳᠬᠤ ᠠᠭᠤᠯᠭ᠎ᠠ ᠳᠠᠭᠠᠨ ᠣᠷᠣᠭᠤᠯᠬᠤ ᠬᠡᠷᠡᠭᠲᠡᠶ᠃ ᠳᠠᠰᠬᠠᠯ ᠲᠠᠭᠠᠭᠠᠯᠭᠠᠪᠤᠷᠢ ᠶᠢᠨ | ᠬᠠᠮᠢᠶᠠᠷᠤᠯᠲᠠ ᠳᠤᠮᠳᠠ ᠠᠰᠠᠭᠤᠳᠠᠯ ᠨᠡᠯᠢᠶᠡᠳ ᠠᠷᠪᠢᠨ᠂ ᠬᠢᠨᠠᠨ ᠬᠠᠮᠢᠶᠠᠷᠤᠯᠲᠠ ᠨᠢ ᠰᠤᠯᠠ ᠪᠠᠢᠶ᠋ᠭ᠎ᠠ ᠰᠤᠷᠭᠠᠭᠤᠯᠢ | ᠪᠣᠯᠤᠨ ᠲᠣᠭᠲᠠᠭᠠᠯ ᠢ ᠵᠥᠷᠢᠴᠡᠨ ᠭᠡᠷ ᠤᠨ ᠠᠬᠠᠮᠠᠳ ᠢ ᠳᠠᠰᠬᠠᠯ ᠲᠠᠭᠠᠭᠠᠯᠭᠠᠪᠤᠷᠢ ᠵᠠᠰᠠᠭᠤᠯᠬᠤ ᠪᠠᠷ ᠱᠠᠭᠠᠷᠳᠠᠭᠰᠠᠨ | ᠪᠠᠭᠰᠢ ᠶᠢ ᠴᠢᠩᠭ᠎ᠠ ᠰᠢᠢᠳᠬᠡᠵᠦ᠂ ᠨᠡᠶᠢᠲᠡᠯᠡᠨ ᠮᠡᠳᠡᠭᠳᠡᠵᠦ ᠬᠠᠷᠢᠭᠤᠴᠠᠯᠭ᠎ᠠ ᠨᠡᠬᠡᠮᠵᠢᠯᠡᠨ᠎ᠡ᠃ |