12 ᠰᠠᠷ᠎ᠡ ᠶᠢᠨ 12 ᠤᠨ ᠡᠳᠦᠷ᠂ 2020 ᠤᠨ ᠤ ᠦᠪᠤᠷ ᠮᠤᠩᠭᠤᠯ ᠤᠨ ᠠᠷᠠᠳ ᠤᠨ ᠡᠵᠡᠩᠨᠡᠯᠳᠠ ᠶᠢᠨ | ᠠᠵᠤ ᠠᠬᠤᠢᠢᠯᠠᠯ ᠤᠨ 100 ᠬᠦᠴᠦᠷᠭᠡᠭ ᠢ ᠨᠡᠶᠢᠳᠡᠯᠡᠬᠦ ᠬᠤᠷᠠᠯ ᠵᠢᠴᠢ ᠠᠷᠠᠳ ᠤᠨ ᠡᠵᠡᠩᠨᠡᠯᠳᠠ ᠶᠢᠨ ᠠᠵᠤ | ᠠᠬᠤᠢ ᠶᠢᠨ ᠰᠢᠨ᠎ᠡ ᠶᠢ ᠡᠬᠦᠳᠬᠦ ᠬᠦᠭᠵᠢᠯᠳᠠ ᠶᠢᠨ ᠬᠢᠴᠢᠶᠡᠯ ᠤᠨ ᠲᠠᠩᠬᠢᠮ ᠬᠦᠭᠡᠬᠤᠳᠠ ᠳᠤ ᠶᠠᠪᠤᠭᠳᠠᠪᠠ᠃ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠢᠭᠡᠳᠤᠮᠠᠯ ᠹᠷᠤᠨᠲ ᠤᠨ | ᠭᠡᠯᠳᠡᠰ ᠤᠨ ᠲᠠᠷᠤᠭ᠎ᠠ ᠳ᠋ᠤᠸᠠᠨ ᡁᠢ ᠴᠢᠶᠠᠩ ᠬᠤᠷᠠᠯ ᠳᠤ ᠤᠷᠤᠯᠴᠠᠬᠰᠡᠨ ᠪᠦᠭᠡᠳ ᠶᠠᠷᠢᠶ᠎ᠡ ᠲᠠᠯᠪᠢᠵᠠᠢ᠃ | ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠶᠡᠷᠤᠩᠭᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠬᠰᠡᠨ | ᠨᠠᠮ ᠤᠨ ᠲᠦᠪ ᠬᠤᠷᠢᠶᠠᠨ ᠤ ᠪᠠᠲᠥ ᠴᠢᠩᠭ᠎ᠠ ᠤᠳᠤᠷᠢᠳᠤᠯᠭ᠎ᠠ ᠲᠤᠤᠷ᠎ᠡ᠂ ᠦᠪᠡᠷᠳᠡᠭᠡᠨ ᠵᠠᠰᠬᠠᠤ ᠤᠷᠤᠨ ᠤ ᠨᠠᠮ ᠤᠨ | ᠬᠤᠷᠢᠶ᠎ᠡ᠂ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠨᠢᠭᠡᠳᠤᠯᠳᠠᠢ ᠲᠦᠯᠦᠪᠵᠢᠬᠦᠯᠭᠡ ᠲᠤᠤᠷ᠎ᠡ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠡᠵᠡᠩᠨᠡᠯᠳᠠ ᠶᠢᠨ ᠠᠵᠤ ᠠᠬᠤᠢ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ | ᠬᠢᠵᠢᠭ ᠤᠨ ᠠᠰᠢᠭ ᠦᠭᠡᠢ ᠨᠦᠯᠦᠭᠡ ᠶᠢ ᠢᠯᠡᠨ ᠲᠠᠪᠠᠵᠤ᠂ ᠠᠷᠠᠳ ᠤᠨ ᠡᠵᠡᠩᠨᠡᠯᠳᠠ ᠶᠢᠨ ᠠᠵᠤ ᠠᠬᠤᠢ ᠨᠡᠮᠡᠭᠳᠡᠯ ᠢ | ᠲᠤᠬᠳᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠳᠤᠯᠠᠬᠤ᠂ ᠠᠵᠢᠯ ᠤᠯᠭᠤᠯᠳᠠ ᠶᠢ ᠠᠬᠢᠭᠤᠯᠬᠤ᠂ ᠭᠠᠶᠢᠯᠢ ᠶᠢᠨ | ᠤᠷᠤᠯᠭ᠎ᠠ ᠶᠢ ᠨᠡᠮᠡᠭᠳᠡᠬᠦᠯᠬᠦ ᠵᠡᠷᠭᠡ ᠲᠠᠯ᠎ᠡ ᠪᠠᠷ ᠴᠢᠬᠤᠯᠠ ᠦᠢᠯᠡᠳᠤᠯ ᠪᠠᠳᠠᠷᠠᠭᠤᠯᠵᠤ᠂ ᠪᠦᠬᠦ ᠤᠷᠤᠨ ᠤ ᠠᠵᠤ ᠠᠬᠤᠢ | ᠨᠡᠶᠢᠭᠡᠮ ᠤᠨ ᠬᠦᠭᠵᠢᠯᠳᠠ ᠳᠤ ᠴᠢᠬᠤᠯᠠ ᠬᠤᠪᠢ ᠨᠡᠮᠡᠷᠢ ᠦᠵᠡᠬᠦᠯᠪᠠ᠃ ᠵᠠᠭᠤᠨ ᠬᠦᠴᠦᠷᠭᠡᠭ ᠠᠷᠠᠳ ᠤᠨ | ᠡᠵᠡᠩᠨᠡᠯᠳᠠ ᠶᠢᠨ ᠠᠵᠤ ᠠᠬᠤᠢᠢᠯᠠᠯ ᠨᠢ ᠮᠠᠨ ᠤ ᠤᠷᠤᠨ ᠤ ᠠᠷᠠᠳ ᠤᠨ ᠡᠵᠡᠩᠨᠡᠯᠳᠠ ᠶᠢᠨ ᠠᠵᠤ ᠠᠬᠤᠢ ᠶᠢᠨ | ᠨᠢᠭᠡᠳᠤᠭᠡᠷ ᠡᠩᠨᠡᠭᠡ ᠪᠤᠯᠤᠬᠰᠡᠨ ᠤ ᠬᠤᠪᠢ ᠳᠤ᠂ ᠦᠪᠡᠷᠳᠡᠭᠡᠨ ᠵᠠᠰᠬᠠᠤ ᠤᠷᠤᠨ ᠤ ᠠᠷᠠᠳ ᠤᠨ ᠡᠵᠡᠩᠨᠡᠯᠳᠠ ᠶᠢᠨ | ᠠᠵᠤ ᠠᠬᠤᠢ ᠶᠢᠨ ᠬᠦᠭᠵᠢᠯᠳᠠ ᠶᠢᠨ ᠲᠤᠯᠭᠠᠭᠤᠷᠢ ᠬᠦᠴᠤᠨ ᠪᠤᠯᠵᠦ ᠪᠠᠶᠢᠨ᠎ᠠ᠃ ᠡᠨᠡ ᠬᠦ ᠬᠤᠷᠠᠯ ᠢ ᠬᠢᠭᠰᠡᠨ ᠨᠢ ︽ | ᠵᠠᠭᠤᠨ ᠬᠦᠴᠦᠷᠭᠡᠭ︾ ᠠᠷᠠᠳ ᠤᠨ ᠡᠵᠡᠩᠨᠠᠯᠳᠠ ᠶᠢᠨ ᠠᠵᠤ ᠠᠬᠤᠢᠢᠯᠠᠯ ᠤᠨ ᠬᠦᠭᠵᠢᠯᠳᠠ ᠶᠢᠨ ᠰᠢᠨ᠎ᠠ ᠠᠮᠵᠢᠯᠳᠠ | ᠪᠦᠳᠤᠮᠵᠢ ᠪᠠᠷ ᠦᠷᠬᠡᠨ ᠤᠯᠠᠨ ᠠᠷᠠᠳ ᠤᠨ ᠡᠵᠡᠩᠨᠠᠯᠳᠠ ᠶᠢᠨ ᠠᠵᠤ ᠠᠬᠤᠢᠢᠯᠠᠯᠳᠠᠨ ᠢ ᠵᠤᠷᠢᠬᠵᠢᠭᠤᠯᠤᠨ ᠨᠠᠮ ᠤᠨ | ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ | ᠬᠦᠨᠵᠡᠬᠡᠢ ᠰᠤᠷᠤᠯᠴᠠᠵᠤ᠂ ᠢᠳᠡᠬᠡᠯ ᠵᠤᠷᠢᠬ ᠢᠶᠠᠨ ᠬᠦᠪᠴᠢᠯᠠᠵᠤ᠂ ᠬᠠᠮᠳᠤ ᠶᠢᠨ ᠲᠠᠨᠢᠯᠳᠠ ᠪᠠᠨ ᠨᠡᠮᠡᠭᠳᠡᠬᠦᠯᠵᠤ᠂ | ᠮᠠᠨ ᠤ ᠤᠷᠤᠨ ᠤ ᠠᠷᠠᠳ ᠤᠨ ᠡᠵᠡᠩᠨᠠᠯᠳᠠ ᠶᠢᠨ ᠠᠵᠤ ᠠᠬᠤᠢ ᠶᠢᠨ ᠰᠢᠨ᠎ᠠ ᠱᠠᠳᠤᠨ ᠳᠤ ᠡᠷᠡᠮᠡᠬᠡᠶᠢᠯᠠᠨ ᠲᠡᠪᠰᠢᠵᠤ᠂ | ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠠ ᠪᠠᠶᠢᠷᠢᠰᠢᠯ ᠢ ᠴᠤᠬᠴᠠᠯᠠᠵᠤ᠂ ᠰᠢᠨ᠎ᠠ | ᠬᠦᠭᠵᠢᠯᠳᠠ ᠶᠢᠨ ᠶᠠᠪᠤᠴᠠ ᠳᠤ ᠰᠢᠨ᠎ᠠ ᠬᠦᠴᠤᠨ ᠴᠢᠳᠠᠯ ᠨᠡᠮᠡᠷᠢᠯᠡᠬᠦ ᠶᠢ ᠰᠡᠳᠬᠢᠯ ᠨᠢᠬᠡᠳᠤᠨ ᠬᠦᠴᠤ ᠪᠠᠨ | ᠬᠠᠮᠳᠤᠳᠬᠠᠨ ᠠᠬᠢᠭᠤᠯᠬᠤ ᠶᠢᠨ ᠲᠦᠯᠤᠬᠡ ᠶᠤᠮ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ︽ᠵᠠᠭᠤᠨ ᠬᠦᠴᠦᠷᠭᠡᠭ︾ ᠠᠷᠠᠳ ᠤᠨ ᠡᠵᠡᠩᠨᠠᠯᠳᠠ ᠶᠢᠨ ᠠᠵᠤ ᠠᠬᠤᠢᠢᠯᠠᠯ ᠨᠢ ᠦᠪᠡᠷᠳᠡᠬᠡᠨ | ᠵᠠᠰᠠᠬᠤ ᠤᠷᠤᠨ ᠤ ᠠᠷᠠᠳ ᠤᠨ ᠡᠵᠡᠩᠨᠠᠯᠳᠠ ᠶᠢᠨ ᠠᠵᠤ ᠠᠬᠤᠢᠢᠯᠠᠯ ᠤᠨ ᠤᠯᠤᠰ ᠤᠨ ᠳᠤᠳᠤᠭᠠᠳᠤ ᠭᠠᠳᠠᠭᠠᠳᠤ ᠶᠢᠨ | ︽ᠬᠤᠤᠰ ᠤᠷᠴᠢᠯ︾ ᠢ ᠠᠬᠢᠭᠤᠯᠵᠤ᠂ ᠰᠢᠨ᠎ᠠ ᠬᠦᠭᠵᠢᠯᠳᠠ ᠶᠢᠨ ᠪᠠᠶᠢᠷᠢᠰᠢᠯ ᠳᠤ ᠠᠭᠤᠰᠤᠯᠴᠠᠬᠤ ︽ᠬᠤᠰᠢᠭᠤᠴᠢ | ᠴᠡᠷᠢᠭ︾ ᠪᠤᠯᠵᠦ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠡᠵᠡᠩᠨᠠᠯᠳᠠ ᠶᠢᠨ ᠠᠵᠤ ᠠᠬᠤᠢᠢᠯᠠᠯ ᠤᠨ | ᠬᠡᠯᠪᠡᠷᠢ ᠶᠢ ᠬᠤᠪᠢᠷᠠᠭᠤᠯᠵᠤ ᠲᠡᠰ ᠲᠡᠪᠰᠢᠬᠦᠯᠬᠦ᠂ ᠤᠢᠢᠯᠡᠰ ᠪᠤᠰᠬᠠᠵᠤ ᠰᠢᠨ᠎ᠠ ᠶᠢ ᠡᠬᠦᠳᠬᠦ ︽ᠲᠠᠭᠠᠭᠤᠯᠤᠬᠴᠢ︾᠂ | ᠬᠠᠤᠯᠢ ᠰᠠᠬᠢᠵᠤ ᠦᠨᠡᠨᠴᠢ ᠢᠳᠡᠬᠡᠮᠵᠢ ᠲᠠᠢ ᠡᠵᠡᠩᠨᠠᠬᠦ᠂ ᠨᠡᠶᠢᠬᠡᠮ ᠤᠨ ᠬᠠᠷᠢᠭᠤᠴᠠᠯᠭ᠎ᠠ ᠪᠠᠨ ᠡᠬᠦᠷᠬᠡᠯᠡᠬᠦ ︽ᠬᠤᠪᠢ | ᠨᠡᠮᠡᠷᠢ ᠦᠵᠡᠬᠦᠯᠦᠭᠴᠢ︾ ᠪᠤᠯᠵᠤ᠂ ︽ᠬᠤᠶᠠᠷ ᠡᠷᠡᠬᠦᠯ︾ ᠬᠦᠭᠵᠢᠯᠳᠠ ᠶᠢ ᠪᠡᠶᠡᠯᠡᠬᠦᠯᠬᠦ ᠶᠢᠨ ᠬᠠᠮᠳᠤ᠂ | ᠦᠵᠡᠰᠬᠦᠯᠡᠩᠳᠤ ᠰᠠᠶᠢᠬᠠᠨ ᠦᠪᠤᠷ ᠮᠤᠩᠭᠤᠯ ᠢᠶᠠᠨ ᠪᠦᠳᠤᠬᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ | ᠵᠡᠬᠦᠳᠤ ᠪᠠᠨ ᠲᠡᠷᠬᠡᠯᠰᠢᠬᠦᠯᠬᠦ ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃ | ᠵᠣᠬᠢᠶᠠᠭᠴᠢ᠄ ᠯᠢᠶᠠᠩ ᠯᠢᠶᠠᠩ |