ᠠᠯᠪᠠᠨ ᠵᠠᠷ
ᠨᠡᠶᠢᠲᠡᠯᠡᠭᠰᠡᠨ ᠴᠠᠭ᠄
2020/12/14
    ᠮᠠᠨᠵᠤᠤᠷ ᠬᠤᠲᠠ ᠶᠢᠨ ᠰᠢᠩ ᠬᠤᠸᠠ ᠵᠡᠭᠡᠯᠢ ᠭᠤᠳᠤᠮᠵᠢ ᠪᠠ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠳᠤ ᠵᠠᠯᠭ᠎ᠠ ᠪᠠᠷ 14 ᠡᠳᠦᠷ ᠡᠪᠡᠳᠴᠢᠨ ᠤ ᠵᠢᠱᠢᠶ᠎ᠡ ᠰᠢᠨ᠎ᠡ ᠪᠠᠷ ᠡᠭᠦᠰᠦᠭᠰᠡᠨ ᠦᠭᠡᠢ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠬᠤ᠂ ᠣᠨᠣᠪᠴᠢᠲᠠᠶ ᠬᠠᠮᠢᠶᠠᠷᠤᠨ ᠡᠵᠡᠮᠳᠡᠬᠦ ᠵᠡᠷᠭᠡ ᠠᠵᠢᠯ ᠤᠨ ᠱᠠᠭᠠᠷᠳᠠᠯᠭ᠎ᠠ ᠪᠣᠯᠤᠨ ᠮᠠᠨᠵᠤᠤᠷ ᠬᠤᠲᠠ ᠶᠢᠨ ᠬᠢᠵᠢᠭ ᠤᠨ ᠪᠠᠶᠢᠳᠠᠯ ᠢ ᠦᠨᠳᠦᠰᠦᠯᠡᠨ᠂ ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠨ ᠲᠣᠭᠲᠠᠭᠠᠭᠰᠠᠨ ᠢᠶᠠᠷ᠄ 2020 ᠣᠨ ᠤ 12 ᠳ᠋ᠤᠭᠠᠷ ᠰᠠᠷ᠎ᠠ ᠶᠢᠨ 13 ᠤ ᠡᠳᠦᠷ ᠤᠨ 8 ᠴᠠᠭ ᠠᠴᠠ ᠡᠬᠢᠯᠡᠨ᠂ ᠮᠠᠨᠵᠤᠤᠷ ᠬᠤᠲᠠ ᠶᠢᠨ ᠰᠢᠩ ᠬᠤᠸᠠ ᠵᠡᠭᠡᠯᠢ ᠭᠤᠳᠤᠮᠵᠢ ᠪᠣᠯᠤᠨ ᠡᠮᠦᠨ᠎ᠡ ᠲᠣᠭᠤᠷᠢᠭ ᠤᠨ ᠵᠡᠭᠡᠯᠢ ᠭᠤᠳᠤᠮᠵᠢ ᠶᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠤᠮᠳᠠ ᠲᠦᠭᠰᠢᠭᠦᠷᠢᠲᠦ ᠳᠡᠰ ᠤᠨ ᠭᠠᠵᠠᠷ ᠣᠷᠣᠨ ᠪᠠᠶᠢᠭᠰᠠᠨ ᠠᠴᠠ ᠨᠢ ᠳᠣᠣᠷ᠎ᠠ ᠲᠦᠭᠰᠢᠭᠦᠷᠢᠲᠦ ᠳᠡᠰ ᠤᠨ ᠭᠠᠵᠠᠷ ᠣᠷᠣᠨ ᠪᠣᠯᠭᠠᠨ ᠲᠣᠬᠢᠷᠠᠭᠤᠯᠵᠤ᠂ ᠮᠠᠨᠵᠤᠤᠷ ᠬᠤᠲᠠ ᠶᠢᠨ ᠪᠤᠰᠤᠳ ᠣᠷᠣᠨ ᠪᠦᠰᠡ ᠶᠢᠨ ᠠᠶᠤᠯ ᠲᠦᠭᠰᠢᠭᠦᠷᠢ ᠶᠢᠨ ᠳᠡᠰ ᠢ ᠬᠤᠪᠢᠷᠠᠭᠤᠯᠬᠤ ᠦᠭᠡᠢ᠃             ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ             ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ    
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号