ᠦᠪ ᠰᠤᠶᠤᠯ ᠤᠨ ᠬᠠᠮᠠᠭᠠᠯᠠᠯ ᠦᠷᠨᠢᠭᠦᠨ ᠬᠦᠭᠵᠢᠯᠲᠡ ᠶᠢᠨ ᠵᠢᠷᠤᠭᠯᠠᠯ
ᠨᠡᠶᠢᠲᠡᠯᠡᠭᠰᠡᠨ ᠴᠠᠭ᠄
2020/12/14
   ᠲᠡᠤᠬᠡ ᠶᠢᠨ ᠳᠤᠷᠠᠰᠬᠠᠯᠲᠤ ᠵᠦᠢᠯᠡᠰ ᠪᠣᠯ ᠬᠥᠮᠦᠨ ᠲᠥᠷᠥᠯᠬᠢᠲᠡᠨ ᠤ ᠲᠡᠤᠬᠡᠨ ᠬᠥᠭᠵᠢᠯᠲᠡ ᠶᠢᠨ ᠶᠠᠪᠤᠴᠠ ᠳᠤ ᠦᠯᠡᠳᠡᠭᠳᠡᠭᠰᠡᠨ ᠬᠠᠭᠤᠴᠢ ᠦᠪ ᠪᠤᠯᠬᠤ ᠶᠤᠮ᠃ ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ ᠨᠢ ᠡᠯ᠎ᠡ ᠲᠡᠦᠬᠡᠨ ᠴᠠᠭ ᠦᠶ᠎ᠡ ᠶᠢᠨ ᠬᠥᠮᠦᠨ ᠲᠥᠷᠥᠯᠬᠢᠲᠡᠨ ᠤ ᠨᠡᠶᠢᠭᠡᠮ ᠤᠨ ᠠᠵᠢᠯᠯᠠᠭ᠎ᠠ᠂ ᠨᠡᠶᠢᠭᠡᠮ ᠤᠨ ᠬᠠᠷᠢᠴᠠᠭ᠎ᠠ᠂ ᠦᠵᠡᠯ ᠤᠬᠠᠮᠰᠠᠷ ᠤᠨ ᠬᠡᠯᠪᠡᠷᠢ ᠵᠢᠴᠢ ᠪᠠᠶᠢᠭᠠᠯᠢ ᠶᠢ ᠠᠰᠢᠬᠯᠠᠬᠤ᠂ ᠪᠠᠶᠢᠭᠠᠯᠢ ᠶᠢ ᠥᠭᠡᠷᠡᠴᠢᠯᠡᠬᠦ ᠪᠠ ᠲᠤᠬᠠᠢ ᠶᠢᠨ ᠦᠶ᠎ᠡ ᠶᠢᠨ ᠠᠮᠢ ᠠᠬᠤᠢ ᠣᠷᠴᠢᠨ ᠲᠣᠭᠤᠷᠢᠨ ᠤ ᠪᠠᠶᠢᠳᠠᠯ ᠢ ᠠᠳᠠᠯᠢ ᠪᠤᠰᠤ ᠲᠠᠯ᠎ᠠ ᠠᠴᠠ ᠳᠤᠰᠬᠠᠵᠤ᠂ ᠲᠡᠷᠡ ᠨᠢ ᠬᠥᠮᠦᠨ ᠲᠥᠷᠥᠯᠬᠢᠲᠡᠨ ᠤ ᠬᠤᠪᠤᠷ ᠨᠠᠨᠳᠢᠨ ᠲᠡᠤᠬᠡ ᠰᠣᠶᠣᠯ ᠤᠨ ᠥᠪ ᠬᠥᠷᠥᠩᠭᠡ ᠪᠤᠯᠤᠨ᠎ᠠ᠃ ᠲᠡᠤᠬᠡ ᠶᠢᠨ ᠳᠤᠷᠠᠰᠬᠠᠯᠲᠤ ᠵᠦᠶ᠋ᠯᠡᠰ ᠢ ᠬᠠᠮᠠᠭᠠᠯᠠᠨ ᠬᠠᠮᠢᠶᠠᠷᠬᠤ ᠪᠠ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠨᠢ ᠬᠥᠮᠦᠰ ᠤᠨ ᠥᠪᠡᠷ ᠤᠨ ᠲᠡᠦᠬᠡ ᠪᠠ ᠡᠭᠦᠳᠦᠨ ᠪᠦᠲᠦᠭᠡᠬᠦ ᠬᠦᠴᠦᠨ ᠴᠢᠳᠠᠯ ᠢᠶᠠᠨ ᠲᠠᠨᠢᠵᠤ᠂ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠢᠯᠡᠷᠡᠭᠦᠯᠦᠨ᠂ ᠤᠳᠤ ᠦᠶ᠎ᠡ ᠶᠢᠨ ᠪᠠ ᠢᠷᠡᠭᠡᠳᠦᠶ ᠶᠢᠨ ᠨᠡᠶᠢᠭᠡᠮ ᠤᠨ ᠬᠥᠭᠵᠢᠯᠲᠡ ᠶᠢ ᠲᠠᠨᠢᠵᠤ ᠠᠬᠢᠭᠤᠯᠬᠤ ᠳᠤ ᠬᠦᠨᠳᠤ ᠴᠢᠬᠤᠯᠠ ᠠᠴᠢ ᠬᠤᠯᠪᠣᠭᠳᠠᠯ ᠲᠠᠢ ᠪᠢᠯᠡ᠃  
   ᠦᠯᠡᠳᠡᠭᠳᠡᠯ — ᠭᠡᠷᠡᠯ ᠰᠠᠴᠤᠷᠠᠩᠭᠤᠢ ᠦᠪ ᠰᠤᠶᠤᠯ ᠤᠨ ᠬᠦᠷᠦᠩᠭᠡ    ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ᠂ ᠡᠷᠲᠡᠨ ᠤ ᠦᠯᠡᠳᠡᠭᠳᠡᠯ ᠣᠯᠠᠨ ᠪᠠᠶᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠳᠠᠭᠠᠯᠠᠭᠳᠠᠴᠠ ᠡᠯᠪᠡᠭ ᠪᠠᠶᠠᠯᠢᠭ᠂ ᠢᠯᠠᠩᠭᠤᠶ᠎ᠠ ᠬᠢᠳᠠᠨ ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ᠂ ᠮᠣᠩᠭᠤᠯ ᠶᠤᠸᠠᠨ ᠤ ᠲᠡᠦᠬᠡ ᠶᠢᠨ ᠳᠤᠷᠠᠰᠬᠠᠯᠲᠤ ᠵᠦᠢᠯᠡᠰ ᠨᠢ ᠰᠣᠶᠣᠯ ᠤᠨ ᠣᠨᠴᠠᠯᠢᠭ ᠢᠶᠠᠷ ᠬᠠᠮᠤᠭ ᠳᠤᠪᠤᠶᠢᠮ᠎ᠠ ᠪᠠᠶᠢᠳᠠᠭ᠃ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠬᠡᠮᠵᠢᠶ᠎ᠡ ᠪᠠᠷ ᠮᠠᠨ ᠤ ᠣᠷᠣᠨ ᠪᠥᠬᠦ ᠤᠯᠤᠰ ᠲᠤ 8 ᠳ᠋ᠤᠭᠠᠷ ᠲᠤ ᠵᠢᠭᠰᠠᠭᠠᠭᠳᠠᠵᠤ᠂ ᠪᠥᠬᠦ ᠤᠯᠤᠰ ᠲᠠᠬᠢ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠲᠣᠮᠣ ᠮᠤᠵᠢ ᠤᠷᠤᠨ ᠤ ᠨᠢᠭᠡ ᠪᠣᠯᠤᠬᠰᠠᠨ ᠪᠠᠶᠢᠨ᠎ᠠ᠃ ᠪᠦᠷᠢᠳᠬᠡᠯ ᠢ ᠦᠨᠳᠦᠰᠦᠯᠡᠪᠡᠯ᠂ ᠪᠦᠬᠦ ᠣᠷᠣᠨ ᠳᠤ ᠣᠳᠣ ᠰᠢᠯᠵᠢᠭᠦᠯᠵᠦ ᠦᠯᠦ ᠪᠤᠯᠬᠤ ᠲᠡᠤᠬᠡ ᠶᠢᠨ ᠳᠤᠷᠠᠰᠬᠠᠯᠲᠤ ᠵᠦᠶ᠋ᠯᠡᠰ 21099 ᠪᠠᠶᠢᠵᠤ᠂ ᠲᠦᠷᠦᠭᠦᠤ ᠪᠦᠯᠦᠭ ᠲᠤᠭᠲᠠᠭᠠᠭᠰᠠᠨ ᠬᠤᠪᠢᠰᠬᠠᠯᠳᠤ ᠲᠡᠤᠬᠡ ᠶᠢᠨ ᠳᠤᠷᠠᠰᠬᠠᠯᠲᠤ ᠵᠦᠶ᠋ᠯᠡᠰ ᠢ ᠬᠠᠮᠠᠭᠠᠯᠠᠬᠤ ᠨᠢᠭᠡᠴᠢ 116 ᠪᠠᠶᠢᠳᠠᠭ᠃ ᠪᠦᠬᠦ ᠣᠷᠣᠨ ᠳᠤ ᠣᠳᠣ ᠮᠦᠽᠸᠢ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠳᠤᠷᠠᠰᠬᠠᠯᠲᠤ ᠵᠦᠶ᠋ᠯᠡᠰ 112.5 ᠲᠦᠮᠡ ᠭᠠᠷᠤᠶ ᠬᠤᠪᠢ ︵ᠢᠵᠢ︶ ᠪᠠᠶᠢᠵᠤ᠂ ᠡᠭᠦᠨ ᠳᠤ ᠬᠤᠪᠢᠰᠬᠠᠯᠳᠤ ᠲᠡᠦᠬᠡ ᠶᠢᠨ ᠳᠤᠷᠠᠰᠬᠠᠯᠲᠤ ᠵᠦᠶ᠋ᠯᠡᠰ 12403 ᠬᠤᠪᠢ ︵ᠢᠵᠢ︶ ᠪᠠᠶᠢᠳᠠᠭ᠃ ᠬᠠᠮᠤᠭ ᠠᠴᠠ ᠲᠠᠪᠠᠭᠤᠯᠢᠭ ᠤᠨᠴᠠᠯᠢᠭ ᠲᠠᠢ ᠨᠢ ᠬᠠᠲᠤᠨ ᠭᠤᠤᠯ ᠤᠨ ᠰᠠᠪᠠ ᠭᠠᠵᠠᠷ ᠤᠨ ᠰᠣᠶᠣᠯ ᠤᠨ ᠥᠪ ᠪᠤᠯᠤᠨ᠎ᠠ ᠃ ᠬᠠᠲᠤᠨ ᠭᠤᠤᠯ ᠳᠠᠭᠠᠤ ᠳᠤ ᠦᠬᠠᠶ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠪᠤᠭᠤᠲᠤ ᠬᠤᠲᠠ᠂ ᠬᠥᠬᠡᠬᠤᠲᠠ ᠶᠢᠨ ᠳᠣᠯᠣᠭᠠᠨ ᠴᠢᠬᠤᠯᠠ ᠭᠠᠵᠠᠷ ᠣᠷᠣᠨ ᠲᠠᠷᠬᠠᠵᠤ᠂ ᠡᠨᠡ ᠬᠦ ᠭᠠᠵᠠᠷ ᠣᠷᠣᠨ ᠨᠢ ᠮᠥᠨ ᠴᠦ ᠮᠠᠨ ᠤ ᠣᠷᠣᠨ ᠤ ᠰᠣᠶᠣᠯ ᠤᠨ ᠥᠪ ᠲᠥᠪᠯᠡᠷᠡᠨ ᠲᠠᠷᠬᠠᠵᠤ ᠪᠠᠶᠢᠭ᠎ᠠ ᠭᠠᠵᠠᠷ ᠣᠷᠣᠨ ᠪᠤᠯᠵᠤ᠂ ᠵᠥᠪᠬᠡᠨ ᠤᠯᠤᠰ ᠤᠨ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠠᠷᠤᠢ 62 ᠪᠠᠶᠢᠵᠤ᠂ ᠥᠪᠥᠷ ᠮᠣᠩᠭᠤᠯ ᠣᠷᠣᠨ ᠤ ᠲᠡᠦᠬᠡ ᠰᠣᠶᠣᠯ ᠬᠠᠮᠤᠭ ᠤᠨ ᠬᠥᠭᠵᠢᠭᠰᠡᠨ ᠭᠠᠵᠠᠷ ᠣᠷᠣᠨ ᠪᠣᠯᠤᠨ᠎ᠠ᠃ ᠡᠳᠡᠭᠡᠷ ᠰᠣᠶᠣᠯ ᠤᠨ ᠥᠪ ᠪᠣᠯ ᠮᠠᠨ ᠤ ᠣᠷᠣᠨ ᠤ ᠬᠤᠪᠣᠷ ᠨᠠᠨᠳᠢᠨ ᠰᠣᠶᠣᠯ ᠤᠨ ᠡᠬᠢ ᠪᠠᠶᠠᠯᠢᠭ ᠪᠠᠶᠢᠵᠤ᠂ ᠳᠤᠮᠳᠠᠳᠤ ᠶᠢᠨ ᠪᠣᠯᠪᠠᠰᠤᠨ ᠤ ᠭᠤᠣᠯ ᠪᠣᠯᠬᠤ ᠪᠣᠳᠠᠰ ᠤᠨ ᠠᠴᠢᠶᠠᠯᠠᠪᠤᠷᠢ ᠪᠣᠯᠬᠤ ᠪᠥᠭᠡᠳ ᠮᠦᠨ ᠴᠦ ᠲᠠᠯ᠎ᠠ ᠨᠤᠲᠤᠭ ᠤᠨ ᠰᠣᠶᠣᠯ ᠢ ᠤᠯᠠᠮᠵᠢᠯᠠᠨ ᠪᠠᠳᠠᠷᠠᠭᠤᠯᠤᠭᠰᠠᠨ ᠴᠢᠬᠤᠯᠠ ᠪᠤᠳᠠᠳᠤ ᠵᠢᠱᠢᠶ᠎ᠡ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠬᠥᠭᠵᠢᠯᠲᠡ ᠶᠢᠨ ᠬᠠᠨᠳᠤᠰᠢ ᠪᠣᠯᠤᠨ ᠯᠤᠲᠤ ᠶᠡᠭᠡ ᠳᠠᠯᠳᠠ ᠬᠦᠴᠦᠨ ᠢ ᠢᠯᠡᠷᠡᠭᠦᠯᠵᠦ ᠪᠠᠶᠢᠳᠠᠭ᠃    ᠰᠣᠶᠣᠯ ᠤᠨ ᠥᠪ ᠪᠣᠯ ᠳᠤᠮᠳᠠᠳᠤ ᠶᠢᠨ ᠪᠣᠯᠪᠠᠰᠤᠨ ᠤ 5000 ᠵᠢᠯ ᠤᠨ ᠲᠡᠦᠬᠡ ᠶᠢᠨ ᠪᠣᠳᠠᠲᠤ ᠭᠡᠷᠡᠴᠢ ᠮᠥᠨ ᠃ ᠥᠪᠡᠷᠲᠡᠭᠡᠨ ᠵᠠᠰᠠᠬᠤ ᠣᠷᠣᠨ ᠳᠤ ᠠᠪᠴᠤ ᠬᠡᠯᠡᠪᠡᠯ᠂ ᠡᠳᠡᠭᠡᠷ ᠰᠣᠶᠣᠯ ᠤᠨ ᠥᠪ ᠨᠢ ᠲᠠᠯ᠎ᠠ ᠨᠤᠲᠤᠭ ᠤᠨ ᠰᠣᠶᠣᠯ ᠤᠨ ᠰᠤᠳᠤᠯᠭᠠᠨ ᠤ ᠣᠨᠣᠯ ᠤᠨ ᠰᠠᠭᠤᠷᠢ ᠶᠢ ᠪᠠᠲᠤᠳᠬᠠᠵᠤ᠂ ᠳᠤᠮᠳᠠᠳᠤ ᠶᠢᠨ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠭᠰᠠᠨ ᠪᠠᠶᠢᠨ᠎ᠠ᠃ ᠵᠢᠱᠢᠶᠡᠯᠡᠪᠡᠯ ᠬᠥᠬᠡᠬᠤᠲᠠ ᠶᠢᠨ ᠵᠡᠭᠦᠨ ᠳᠡᠭᠦᠷᠭᠡ ᠶᠢᠨ ᠳ᠋ᠠ ᠶᠣᠣ ᠶᠢᠨ ᠬᠠᠭᠤᠴᠢᠨ ᠴᠢᠯᠠᠭᠤᠨ ᠵᠡᠪᠰᠡᠭ ᠤᠨ ᠪᠠᠭᠤᠷᠢ ᠶᠢᠨ ᠲᠤᠬᠠᠢ ᠬᠠᠭᠤᠴᠢ ᠰᠤᠳᠤᠯᠭᠠᠨ ᠬᠢᠬᠦ ᠪᠠᠷ ᠳᠠᠮᠵᠢᠨ᠂ ᠪᠡᠭᠡᠵᠢᠩ ᠤᠨ ᠵᠧᠦ ᠺᠸᠦ ᠳ᠋ᠢᠶᠠᠨ ᠤ ᠨᠢᠭᠡᠳᠦᠭᠡᠷ ᠭᠠᠵᠠᠷ ᠤᠨ ᠬᠢ ᠲᠠᠢ ᠠᠳᠠᠯᠢᠪᠲᠤᠷ ᠰᠤᠶᠤᠯ ᠤᠨ ᠳᠦᠷᠰᠦ ᠪᠠᠶᠢᠳᠠᠯ ᠢ ᠢᠯᠡᠷᠡᠭᠦᠯᠵᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠬᠥᠮᠦᠨ ᠲᠥᠷᠥᠯᠬᠢᠲᠡᠨ ᠤ ᠲᠡᠦᠬᠡ ᠶᠢ 50 ᠲᠦᠮᠡᠨ ᠵᠢᠯ ᠤᠷᠢᠳᠴᠢᠯᠠᠭᠤᠯᠪᠠ︔ ᠪᠠᠰᠠ ᠵᠢᠱᠢᠶᠡᠯᠡᠪᠡᠯ ᠬᠠᠲᠤᠨ ᠭᠤᠤᠯ ᠤᠨ ᠰᠠᠪᠠ ᠭᠠᠵᠠᠷ ᠤᠨ ᠶᠠᠩ ᠱᠤᠤ ᠶᠢᠨ ᠰᠣᠶᠣᠯ ᠤᠨ ᠠᠯᠢ ᠤᠯᠠᠨ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠪᠠᠭᠤᠷᠢ ᠳᠤ ᠬᠠᠭᠤᠴᠢ ᠰᠤᠳᠤᠯᠭᠠᠨ ᠬᠢᠬᠦ ᠪᠠᠷ ᠳᠠᠮᠵᠢᠨ ᠳᠤᠮᠳᠠᠳᠤ ᠶᠢᠨ ᠪᠣᠯᠪᠠᠰᠤᠨ ᠤ 5000 ᠵᠢᠯ ᠤᠨ ᠲᠡᠦᠬᠡ ᠶᠢ ᠬᠦᠴᠦᠲᠡᠢ ᠭᠡᠷᠡᠴᠢᠯᠡᠭᠰᠡᠨ ᠪᠠᠶᠢᠨ᠎ᠠ᠃  
 
     ᠬᠠᠮᠠᠭᠠᠯᠠᠯ — ᠬᠤᠪᠤᠷ ᠨᠠᠨᠳᠢᠨ ᠦᠪ ᠰᠤᠶᠤᠯ ᠤᠨ ᠪᠠᠬᠢᠵᠢᠭᠦᠯᠦᠯ    ᠰᠣᠶᠣᠯ ᠤᠨ ᠥᠪ ᠢ ᠬᠠᠮᠠᠭᠠᠯᠠᠨ ᠠᠰᠢᠬᠯᠠᠵᠤ ᠳᠡᠯᠭᠡᠨ ᠦᠵᠡᠭᠦᠯᠬᠦ ᠨᠢ ᠰᠣᠶᠣᠯ ᠤᠨ ᠡᠬᠢ ᠪᠠᠶᠠᠯᠢᠭ ᠢᠶᠠᠷ ᠠᠷᠠᠳ ᠣᠯᠠᠨ ᠳᠤ ᠠᠰᠢᠭ ᠬᠦᠷᠲᠡᠭᠡᠬᠦ ᠵᠠᠶᠢᠯᠠᠰᠢ ᠦᠭᠡᠢ ᠱᠠᠭᠠᠷᠳᠠᠯᠭ᠎ᠠ ᠪᠠ ᠪᠦᠲᠦᠮᠵᠢᠲᠡᠶ ᠠᠷᠭ᠎ᠠ ᠵᠠᠮ ᠪᠣᠯᠬᠤ ᠪᠥᠭᠡᠳ ᠮᠦᠨ ᠴᠤ ᠦᠨᠳᠦᠰᠦᠲᠡᠨ ᠤ ᠰᠣᠶᠣᠯ ᠤᠨ ᠲᠤᠬᠠᠢ ᠲᠠᠨᠢᠯᠲᠠ ᠶᠢ ᠨᠡᠮᠡᠭᠳᠡᠭᠦᠯᠵᠤ ᠢᠳᠡᠬᠡᠯ ᠢ ᠪᠠᠳᠤᠳᠬᠠᠬᠤ ᠴᠢᠬᠤᠯᠠ ᠲᠠᠪᠴᠠᠩ ᠪᠤᠯᠤᠨ᠎ᠠ᠃ ᠰᠣᠶᠣᠯ ᠤᠨ ᠥᠪ ᠤᠨ ᠠᠴᠢᠶᠠᠯᠠᠵᠤ ᠪᠠᠶᠢᠭ᠎ᠠ ᠮᠡᠳᠡᠭᠡ ᠵᠠᠩᠭᠢ ᠪᠠᠶᠠᠯᠢᠭ᠂ ᠠᠯᠳᠠᠷᠰᠢᠯ ᠥᠨᠳᠥᠷ᠂ ᠠᠷᠠᠳ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠵᠤᠷᠢᠬ ᠬᠦᠴᠦᠨ ᠢ ᠡᠷᠴᠢᠯᠡᠨ ᠨᠡᠮᠡᠭᠳᠡᠭᠦᠯᠬᠦ ᠴᠢᠬᠤᠯᠠ ᠵᠠᠭᠤᠴᠢ ᠪᠠᠶᠢᠵᠤ᠂ ᠨᠡᠶᠢᠭᠡᠮ ᠨᠡᠶᠢᠲᠡ ᠳᠤ ᠯᠤᠳᠤ ᠶᠡᠭᠡ ᠨᠦᠯᠦᠭᠡ ᠲᠠᠢ ᠶᠤᠮ᠃ ᠠᠷᠠᠳ ᠣᠯᠠᠨ ᠪᠣᠯ ᠰᠣᠶᠣᠯ ᠤᠨ ᠥᠪ ᠤᠨ ᠥᠮᠴᠢᠯᠡᠭᠴᠢ᠂ ᠰᠣᠨᠢᠷᠬᠠᠭᠴᠢ ᠪᠠ ᠤᠯᠠᠮᠵᠢᠯᠠᠬᠴᠢ ᠮᠥᠨ᠂ ᠰᠣᠶᠣᠯ ᠤᠨ ᠥᠪ ᠤᠨ ᠬᠠᠮᠠᠭᠠᠯᠠᠯᠲᠠ ᠨᠢ ᠡᠷᠬᠡᠪᠰᠢ ᠠᠷᠠᠳ ᠣᠯᠠᠨ ᠳᠤ ᠲᠦᠰᠢᠭᠯᠡᠵᠦ᠂ ᠰᠣᠶᠣᠯ ᠤᠨ ᠦᠪ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠮᠦᠨ ᠡᠷᠬᠡᠪᠰᠢ ᠨᠡᠶᠢᠭᠡᠮ ᠳᠤ ᠠᠭᠤᠰᠤᠯᠴᠠᠭᠤᠯᠤᠨ᠂ ᠨᠡᠶᠢᠭᠡᠮ ᠳᠤ ᠠᠰᠢᠭ ᠬᠦᠷᠲᠡᠭᠡᠪᠡᠯ ᠵᠤᠬᠢᠨ᠎ᠠ᠃ ᠥᠪᠡᠷᠲᠡᠭᠡᠨ ᠵᠠᠰᠠᠬᠤ ᠣᠷᠣᠨ ᠳᠤ ᠬᠠᠳᠠᠭᠠᠯᠠᠭᠳᠠᠵᠤ ᠪᠠᠶᠢᠭ᠎ᠠ ᠰᠣᠶᠣᠯ ᠤᠨ ᠥᠪ ᠤᠨ ᠡᠬᠢ ᠪᠠᠶᠠᠯᠢᠭ ᠡᠯᠪᠡᠭ᠂ ᠥᠪ ᠰᠣᠶᠣᠯ ᠤᠨ ᠣᠨᠴᠠᠯᠢᠭ ᠣᠯᠠᠨ ᠡᠰᠢᠲᠦ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠨᠢᠭᠡ ᠴᠣᠭᠴᠠᠵᠢᠭᠰᠠᠨ ᠰᠣᠶᠣᠯ ᠤᠨ ᠬᠥᠭᠵᠢᠯᠲᠡ ᠶᠢ ᠭᠡᠷᠡᠴᠢᠯᠡᠵᠦ ᠪᠠᠶᠢᠳᠠᠭ᠃    ᠦᠪᠡᠷᠲᠡᠭᠡᠨ ᠵᠠᠰᠠᠬᠤ ᠤᠷᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢ ᠯᠠᠪᠳᠠᠭᠤᠨ ᠪᠠᠳᠤᠳᠠᠢ ᠠᠬᠢᠭᠤᠯᠵᠤ᠂ 2019 ᠤᠨ ᠳᠤ ᠪᠦᠬᠦ ᠣᠷᠣᠨ ᠤ ᠨᠠᠢᠮᠠᠳᠤᠭᠠᠷ ᠪᠦᠯᠦᠭ ᠪᠦᠬᠦ ᠤᠯᠤᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠮᠡᠳᠡᠭᠦᠯᠬᠦ ᠠᠵᠢᠯ ᠢ ᠪᠡᠶᠡᠯᠡᠭᠦᠯᠵᠦ᠂ ᠮᠠᠨ ᠤ ᠣᠷᠣᠨ ᠤ 8 ᠭᠠᠵᠠᠷ ᠰᠣᠩᠭᠤᠭᠳᠠᠵᠤ᠂ ᠮᠠᠨ ᠤ ᠣᠷᠣᠨ ᠳᠠᠬᠢ ᠪᠥᠬᠦ ᠤᠯᠤᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠨᠢᠭᠡᠴᠢ ᠨᠡᠮᠡᠭᠳᠡᠭᠡᠳ 149 ᠪᠣᠯᠤᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠪᠠᠰᠠ ᠲᠡᠦᠬᠡ ᠶᠢᠨ ᠳᠤᠷᠠᠰᠬᠠᠯᠲᠤ ᠵᠦᠢᠯᠡᠰ ᠤᠨ ᠲᠥᠷᠥᠯ ᠵᠦᠢᠯ ᠢ ᠮᠡᠳᠡᠭᠦᠯᠬᠦ ᠪᠠ ᠬᠢᠨᠠᠨ ᠬᠠᠮᠢᠶᠠᠷᠬᠤ ᠠᠵᠢᠯ ᠢ ᠴᠢᠩᠭᠠᠳᠬᠠᠵᠤ᠂ ᠲᠦᠷᠦᠯ ᠵᠦᠢᠯ ᠢ ᠬᠠᠮᠠᠭᠠᠯᠠᠬᠤ ᠲᠤᠰᠬᠠᠶ ᠵᠦᠶ᠋ᠯ ᠤᠨ ᠨᠥᠬᠦᠪᠥᠷᠢ ᠮᠥᠩᠭᠦ ᠶᠢ 1.94 ᠳ᠋ᠦᠩᠰᠢᠭᠤᠷ ᠲᠥᠭᠦᠷᠢᠭ ᠭᠤᠶᠤᠴᠢᠯᠠᠨ ᠮᠡᠳᠡᠭᠦᠯᠵᠦ᠂ ᠲᠡᠤᠬᠡ ᠶᠢᠨ ᠳᠤᠷᠠᠰᠬᠠᠯᠲᠤ ᠵᠦᠶ᠋ᠯᠡᠰ ᠢ ᠬᠠᠮᠠᠭᠠᠯᠠᠬᠤ 19 ᠢᠨᠵᠧᠨᠧᠷᠢᠩ ᠢ ᠰᠢᠯᠭᠠᠨ ᠠᠪᠤᠭᠰᠠᠨ ᠪᠠᠶᠢᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠪᠣᠯᠤᠨ ᠠᠶᠤᠯᠭᠦᠢ ᠠᠵᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ︾ ᠢ ᠪᠠᠶᠢᠭᠤᠯᠤᠨ᠂ ᠪᠦᠬᠦ ᠣᠷᠣᠨ ᠤ ᠲᠡᠦᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠪᠣᠯᠤᠨ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠠᠶᠤᠯᠭᠦᠢ ᠠᠵᠢᠯ ᠤᠨ ᠨᠡᠶᠢᠯᠡᠮᠡᠯ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ ᠪᠤᠢ᠃    ᠡᠨᠡ ᠵᠢᠯ ᠤᠨ 5 ᠰᠠᠷ᠎ᠠ ᠶᠢᠨ ᠰᠡᠭᠦᠯᠴᠢ ᠪᠠᠷ᠂ ᠪᠦᠬᠦ ᠤᠷᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠪᠤᠯᠪᠠᠰᠤᠷᠠᠯ ᠵᠢᠴᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠲᠧᠯᠸᠢᠰ ᠤᠳᠠᠰᠤ ᠬᠤᠷᠠᠯ ᠬᠤᠷᠠᠯᠳᠤᠵᠤ᠂ ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠠᠤᠯᠢ︾ ᠪᠤᠯᠤᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠳᠦᠷᠢᠮ︾ ᠢ ᠰᠤᠷᠤᠯᠴᠠᠨ ᠲᠤᠭᠤᠰᠢᠯᠠᠭᠤᠯᠵᠤ᠂ ᠬᠤᠷᠠᠯ ᠳᠤ ᠤᠷᠤᠯᠴᠠᠭᠰᠠᠳ ᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠲᠤᠬᠠᠢ ᠪᠤᠯᠪᠠᠰᠤᠷᠠᠯ ᠬᠦᠷᠲᠡᠭᠡᠨ᠂ ᠪᠦᠬᠦ ᠤᠷᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠪᠤᠯᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠶᠡᠭᠡ ᠪᠠᠷ ᠪᠠᠶᠢᠴᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ ᠠᠬᠢᠭᠤᠯᠤᠭᠰᠠᠨ ᠪᠠᠶᠢᠨ᠎ᠠ᠃    7 ᠰᠠᠷ᠎ᠠ ᠶᠢᠨ ᠡᠬᠢᠨ ᠢᠶᠠᠷ᠂ ᠬᠦᠬᠡᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠦᠪᠡᠷᠲᠡᠭᠡᠨ ᠵᠠᠰᠠᠬᠤ ᠤᠷᠤᠨ ᠤ ᠵᠠᠩᠵᠤᠨ ᠤ ᠶᠠᠮᠤᠨ ᠤ ᠮᠦᠽᠸᠢ ᠳᠤ ᠬᠦᠷᠴᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠵᠠᠷᠤᠳᠠᠯ ᠤᠨ ᠬᠡᠷᠡᠭᠯᠡᠬᠡᠨ᠂ ᠭᠠᠯ ᠤᠨᠲᠠᠷᠠᠭᠠᠬᠤ ᠦᠷᠲᠡᠭᠡ ᠪᠤᠯᠤᠨ ᠠᠮᠤᠷ ᠲᠦᠪᠰᠢᠨ ᠤ ᠬᠢᠨᠠᠨ ᠡᠵᠡᠮᠳᠡᠬᠦ ᠲᠠᠰᠤᠭ ᠪᠠ ᠦᠵᠡᠮᠵᠢ ᠶᠢᠨ ᠤᠷᠤᠨ ᠤ ᠬᠠᠮᠢᠶᠠᠷᠤᠯᠲᠠ᠂ ᠰᠡᠯᠪᠢᠨ ᠵᠠᠰᠠᠵᠤ ᠬᠠᠮᠠᠭᠠᠯᠠᠵᠤ ᠪᠠᠶᠢᠭ᠎ᠠ ᠪᠠᠶᠢᠳᠠᠯ ᠵᠡᠷᠭᠡ ᠶᠢ ᠨᠠᠷᠢᠨ ᠨᠢᠭᠲᠠ ᠪᠠᠶᠢᠴᠠᠭᠠᠭᠰᠠᠨ ᠪᠠᠶᠢᠨ᠎ᠠ︔ ᠲᠦᠷᠦᠭᠦᠬᠡᠨ ᠬᠢᠩᠭᠠᠨ ᠠᠶᠢᠮᠠᠭ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠠᠵᠢᠯ ᠤᠨ ᠣᠳᠣᠬᠢ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠣᠶᠢᠯᠠᠭᠠᠨ ᠲᠣᠳᠣᠯᠠᠨ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ 6 ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠨᠢᠭᠡᠴᠢ᠂ ᠤᠷᠤᠨ ᠤ ᠳᠡᠰ ᠤᠨ 16 ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠨᠢᠭᠡᠴᠢ ᠳᠤ ᠪᠦᠬᠦ ᠲᠠᠯ᠎ᠠ ᠶᠢᠨ ᠪᠠᠶᠢᠴᠠᠭᠠᠯᠲᠠ ᠥᠷᠨᠢᠭᠦᠯᠬᠦ ᠶᠢᠨ ᠬᠠᠮᠲᠤ᠂ ᠡᠯ᠎ᠡ ᠬᠤᠰᠢᠭᠤ ᠰᠢᠶᠠᠨ ᠬᠤᠲᠠ ᠶᠢᠨ ᠬᠢᠨ ᠢ ᠱᠠᠭᠠᠷᠳᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠭᠡᠮ ᠰᠤᠭᠤᠬ᠂ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠦᠷᠦᠯ ᠵᠦᠢᠯ ᠵᠡᠷᠭᠡ ᠳᠤ ᠪᠦᠬᠦ ᠲᠠᠯ᠎ᠠ ᠶᠢᠨ ᠪᠠᠶᠢᠴᠠᠭᠠᠯᠲᠠ ᠦᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ ᠪᠤᠢ︔ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠢᠶᠠᠷᠴᠤ ᠬᠠᠮᠠᠭᠠᠯᠠᠬᠤ ᠡᠷᠴᠢᠮ ᠢᠶᠠᠨ ᠤᠯᠠᠮ ᠴᠢᠩᠭᠠᠳᠬᠠᠵᠤ᠂ ᠰᠢᠯᠵᠢᠭᠦᠯᠵᠦ ᠦᠯᠦ ᠪᠤᠯᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠡᠪᠳᠡᠭᠳᠡᠬᠦ ᠠᠴᠠ ᠰᠡᠷᠭᠡᠶᠢᠯᠡᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠬᠠᠮᠢᠶᠠᠷᠴᠤ ᠬᠠᠮᠠᠭᠠᠯᠠᠬᠤ ᠶᠢ ᠴᠢᠩᠭᠠᠳᠬᠠᠬᠤ ᠪᠠ ᠬᠠᠤᠯᠢ ᠶᠢ ᠴᠢᠩᠭ᠎ᠠ ᠬᠡᠷᠡᠭᠵᠢᠭᠦᠯᠬᠦ ᠶᠢ ᠤᠶᠠᠯᠳᠤᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠤᠷᠤᠯᠴᠠᠬᠤ ᠶᠢ ᠭᠦᠢᠴᠡᠳ ᠳᠠᠶᠢᠴᠢᠯᠠᠬᠤ ᠶᠢᠨ ᠲᠦᠯᠦᠭᠡ᠂ ᠠᠯᠠᠱᠠ ᠪᠠᠷᠠᠭᠤᠨ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠦᠪ ᠨᠢ ᠲᠡᠮᠡᠭᠡᠲᠦ ︵ᠤᠷᠲᠤ ᠴᠠᠭᠠᠨ ᠬᠡᠷᠡᠮ︶ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠶᠢᠨ ᠠᠩᠭᠢ ᠳᠤ ᠰᠢᠨ᠎ᠡ ᠪᠠᠷ ᠡᠯᠰᠡᠭᠰᠡᠨ ᠭᠡᠰᠢᠭᠦᠳ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠬᠡᠯᠡᠯᠴᠡᠭᠡᠷ ᠲᠤᠭᠲᠠᠵᠤ᠂ ᠬᠠᠮᠢᠶ᠎ᠠ ᠪᠦᠬᠦᠢ ᠪᠤᠯᠪᠠᠰᠤᠷᠠᠯ ᠬᠦᠷᠲᠡᠭᠡᠬᠦ ᠶᠢᠨ ᠬᠠᠮᠲᠤ ᠲᠤᠬᠠᠢᠢᠯᠠᠬᠰᠠᠠ ᠡᠭᠦᠷᠭᠡ ᠬᠠᠷᠢᠭᠤᠴᠠᠯᠭ᠎ᠠ ᠶᠢ ᠲᠤᠳᠤᠷᠬᠠᠢᠢᠯᠠᠬᠰᠠᠠ ᠪᠠᠶᠢᠨ᠎ᠠ᠃ ᠠᠯᠠᠱᠠ ᠪᠠᠷᠠᠭᠤᠨ ᠬᠤᠰᠢᠭᠤ ᠨᠢ 2016 ᠤᠨ ᠳᠤ ᠲᠡᠮᠡᠭᠡᠲᠦ ︵ᠤᠷᠲᠤ ᠴᠠᠭᠠᠨ ᠬᠡᠷᠡᠮ︶ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠳᠠ ᠶᠢᠨ ᠠᠩᠬᠢ ᠪᠠᠶᠢᠭᠤᠯᠤᠭᠰᠠᠨ ᠠᠴᠠ ᠨᠠᠭᠠᠰᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠭᠡᠰᠢᠭᠦᠨ ᠢ 24 ᠡᠯᠰᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠦᠨᠡᠨ ᠬᠦ ᠠᠬᠢᠭᠤᠯᠵᠤ ᠪᠠᠶᠢᠨ᠎ᠠ᠃    
 
     ︽ᠠᠮᠢᠯᠠᠭᠤᠯᠤᠯ︾ — ᠦᠨᠢᠷ ᠪᠠᠶᠠᠯᠢᠭ ᠦᠪ ᠰᠤᠶᠤᠯ ᠤᠨ ᠤᠯᠠᠮᠵᠢᠯᠠᠯ    ᠲᠡᠤᠬᠡ ᠶᠢᠨ ᠳᠤᠷᠠᠰᠬᠠᠯᠲᠤ ᠵᠦᠶ᠋ᠯᠡᠰ ᠨᠢ ᠲᠡᠤᠬᠡ ᠰᠣᠶᠣᠯ ᠢ ᠠᠴᠢᠶᠠᠯᠠᠵᠤ᠂ ᠳᠤᠮᠳᠠᠳᠤ ᠶᠢᠨ ᠦᠨᠳᠦᠰᠦᠲᠡᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢᠨ ᠪᠣᠳᠠᠲᠤ ᠭᠡᠷᠡᠴᠢ ᠪᠠᠶᠢᠵᠤ᠂ ᠠᠷᠠᠳ ᠤᠯᠠᠨ ᠤ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠶ᠋ᠯᠡᠴᠢᠯᠡᠬᠦ ᠴᠢᠬᠤᠯᠠ ᠡᠬᠢ ᠪᠠᠶᠠᠯᠢᠭ ᠮᠥᠨ᠃ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠦᠢᠯᠡᠰ ᠤᠨ ᠲᠠᠰᠤᠷᠠᠯᠲᠠ ᠦᠭᠡᠢ ᠬᠥᠭᠵᠢᠯᠲᠡ ᠶᠢ ᠳᠠᠭᠠᠯᠳᠤᠨ᠂ ᠬᠥᠮᠦᠰ ᠤᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠨᠡᠩ ᠥᠨᠳᠥᠷ ᠪᠣᠯᠵᠤ᠂ ᠮᠦᠽᠧᠶ ᠳᠤ ᠬᠦᠷᠴᠦ ᠦᠵᠡᠭᠦᠯᠭᠡ ᠶᠢ ᠰᠤᠨᠢᠷᠬᠠᠬᠤ᠋ ᠪᠠᠷ ᠳᠠᠮᠵᠢᠨ ᠲᠡᠤᠬᠡ ᠶᠢ ᠣᠶᠢᠯᠠᠭᠠᠨ᠂ ᠬᠥᠮᠦᠵᠢᠯ ᠬᠦᠷᠲᠡᠵᠦ ᠮᠡᠳᠡᠯᠭᠡ ᠪᠠᠨ ᠨᠡᠮᠡᠭᠳᠡᠭᠦᠯᠬᠦ ᠬᠦᠰᠡᠯ ᠨᠡᠩ ᠴᠢᠩᠭᠠᠷᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠤᠨ ᠬᠥᠭᠵᠢᠯᠲᠡ ᠳᠤ ᠨᠡᠩ ᠥᠨᠳᠥᠷ ᠬᠦᠰᠡᠯ ᠡᠷᠡᠮᠡᠯᠵᠡᠯ ᠲᠠᠢ ᠪᠤᠯᠤᠭᠰᠠᠨ ᠪᠠᠶᠢᠨ᠎ᠠ᠃    ᠦᠪᠡᠷᠲᠡᠭᠡᠨ ᠵᠠᠰᠠᠬᠤ ᠤᠷᠤᠨ ᠲᠠᠯ᠎ᠠ ᠨᠤᠲᠤᠭ ᠤᠨ ᠲᠤᠷᠭᠠᠨ ᠵᠠᠮ ᠳᠠᠭᠠᠤ ᠶᠢᠨ ᠤᠯᠤᠰ ᠲᠤ ᠦᠪᠦᠷ ᠮᠤᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠨ ᠪᠦᠲᠦᠭᠡᠯ ᠢ ᠳᠡᠯᠭᠡᠨ ᠦᠵᠡᠭᠦᠯᠬᠦ ᠠᠵᠢᠯ ᠢ ᠦᠷᠭᠦᠯᠵᠢᠯᠡᠨ ᠴᠢᠩᠭᠠᠳᠬᠠᠵᠤ᠂ ᠳᠤᠮᠳᠠᠳᠤ ᠮᠤᠩᠭᠤᠯ ᠤᠯᠤᠰ ᠤᠨ ᠬᠠᠮᠲᠤᠷᠠᠭᠰᠠᠨ ︽ᠲᠠᠯ᠎ᠠ ᠨᠤᠲᠤᠭ ᠤᠨ ᠲᠤᠷᠭᠠᠨ ᠵᠠᠮ ᠤᠨ ᠰᠤᠶᠤᠯ ᠤᠨ ᠦᠪ ᠤᠨ ᠲᠤᠭᠠᠴᠢᠯᠠᠭᠰᠠᠨ ᠢᠨᠵᠧᠨᠧᠷᠢᠩ ᠤᠨ ᠲᠦᠷᠦᠯ ᠵᠦᠢᠯ︾ ᠢ ᠦᠷᠭᠦᠯᠵᠢᠯᠡᠨ ᠠᠬᠢᠭᠤᠯᠤᠨ᠂ ᠳᠤᠮᠳᠠᠳᠤ ᠮᠤᠩᠭᠤᠯ ᠤᠨ ᠬᠠᠭᠤᠴᠢ ᠰᠤᠳᠤᠯᠤᠯ ᠤᠨ ᠬᠠᠮᠲᠤᠷᠠᠭᠰᠠᠨ ᠪᠠᠶᠢᠴᠠᠭᠠᠯᠲᠠ ᠪᠤᠯᠤᠨ ᠨᠡᠭᠡᠭᠡᠨ ᠠᠭᠤᠳᠠᠯᠬᠤ ᠲᠦᠷᠦᠯ ᠵᠦᠢᠯ ᠢ ᠦᠷᠨᠢᠭᠦᠯᠵᠦ᠂ ︽ᠲᠦᠮᠡᠨ ᠭᠠᠵᠠᠷ ᠤᠨ ᠴᠠᠢ ᠶᠢᠨ ᠵᠠᠮ︾ ᠤᠨ ᠮᠤᠩᠭᠤᠯ ᠤᠯᠤᠰ ᠤᠨ ᠬᠢᠯᠢ ᠳᠠᠬᠢ ᠵᠠᠮ ᠱᠤᠭᠤᠮ ᠤᠨ ᠪᠠᠶᠢᠴᠠᠭᠠᠯᠲᠠ ᠶᠢᠨ ᠲᠦᠷᠦᠯ ᠵᠦᠢᠯ ᠢ ᠦᠷᠨᠢᠭᠦᠯᠦᠭᠰᠡᠨ ᠪᠠᠶᠢᠨ᠎ᠠ᠃ ᠦᠪᠦᠷ ᠮᠤᠩᠭᠤᠯ ᠤᠨ ᠮᠦᠽᠸᠢ ᠶᠢᠨ ︽ᠶᠡᠭᠡ ᠯᠢᠶᠤᠤ ᠤᠯᠤᠰ ᠬᠢᠳᠠᠨ — ᠳᠤᠮᠳᠠᠳᠤ ᠤᠯᠤᠰ ᠤᠨ ᠦᠪᠦᠷ ᠮᠤᠩᠭᠤᠯ ᠤᠨ ᠯᠢᠶᠤᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠤᠳᠤᠨ ᠪᠦᠲᠦᠭᠡᠯ ᠤᠨ ᠦᠵᠡᠭᠦᠯᠭᠡ︾ ᠶᠢ ᠮᠤᠩᠭᠤᠯ ᠤᠯᠤᠰ ᠤᠨ ᠮᠦᠽᠸᠢ ᠳᠤ ᠶᠠᠪᠤᠭᠳᠠᠭᠤᠯᠵᠤ᠂ ᠮᠤᠩᠭᠤᠯ ᠤᠯᠤᠰ ᠤᠨ ᠡᠯ᠎ᠡ ᠬᠦᠷᠢᠶ᠎ᠡ ᠴᠠᠷᠠᠭ᠎ᠠ ᠶᠢᠨ ᠬᠢᠨ ᠤ ᠦᠨᠳᠦᠷ ᠦᠨᠡᠯᠡᠯᠲᠡ ᠶᠢ ᠤᠯᠤᠭᠰᠠᠨ ᠪᠠᠶᠢᠨ᠎ᠠ᠃    ᠭᠤᠸᠠᠩᠳᠦ᠋ᠩ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠪᠤᠯᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠭᠤᠤᠯᠯᠠᠨ ᠡᠷᠭᠢᠯᠡᠵᠦ᠂ ᠭᠤᠸᠠᠩᠳᠦ᠋ᠩ ᠮᠤᠵᠢ ᠶᠢᠨ ᠮᠦᠽᠧᠶ ᠪᠠ ᠥᠪᠥᠷ ᠮᠣᠩᠭᠤᠯ ᠤᠨ ᠮᠦᠽᠧᠶ ᠶᠢᠨ ᠳᠠᠭᠠᠭᠠᠴᠢᠯᠠᠨ ᠡᠷᠭᠢᠯᠡᠭᠰᠡᠨ ︽ᠬᠢᠳᠠᠨ ᠤ ᠰᠠᠭᠤᠭᠳᠠᠯ — ᠯᠢᠶᠣᠤ ᠤᠯᠤᠰ ᠤᠨ ᠦᠶ᠎ᠡ ᠶᠢᠨ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠰᠣᠳᠣᠨ ᠪᠦᠲᠦᠭᠡᠯ ᠤᠨ ᠦᠵᠡᠰᠬᠦᠯᠡᠩ︾ ᠨᠢ ᠲᠦᠷᠦᠭᠦᠬᠡᠨ ᠭᠤᠸᠠᠩᠳᠦ᠋ᠩ ᠮᠤᠵᠢ ᠶᠢᠨ ᠮᠦᠽᠸᠢ ᠳᠤ ᠡᠭᠦᠯᠡᠨ ᠡᠬᠢᠯᠡᠯᠲᠡ ᠶᠢᠨ ᠶᠤᠰᠤᠯᠠᠯ ᠶᠠᠪᠤᠭᠳᠠᠪᠠ᠃ ᠦᠵᠡᠰᠭᠦᠯᠡᠩ ᠳᠤ 128 ᠬᠤᠪᠢ / ᠢᠵᠢ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠲᠥᠷᠥᠯ ᠵᠦᠢᠯ ᠨᠢ ᠣᠯᠠᠨ ᠶᠠᠩᠵᠤ ᠶᠢᠨ ᠪᠠᠶᠢᠵᠤ᠂ ᠠᠯᠲᠠ ᠮᠥᠩᠭᠦᠨ ᠬᠡᠷᠡᠭᠰᠡᠯ᠂ ᠵᠡᠰ ᠲᠡᠮᠦᠷ ᠪᠠᠭᠠᠵᠢ᠂ ᠸᠠᠭᠠᠷ ᠱᠠᠭᠠᠵᠠᠩ ᠪᠠᠭᠠᠵᠢ᠂ ᠲᠣᠷᠭᠠᠨ ᠨᠡᠬᠡᠮᠡᠯ ᠵᠢᠴᠢ ᠮᠠᠨᠤ᠂ ᠬᠤᠪᠠ ᠵᠡᠷᠭᠡ ᠣᠯᠠᠨ ᠵᠦᠢᠯ ᠤᠨ ᠪᠦᠲᠦᠴᠡ ᠶᠢᠨ ᠬᠢ ᠶᠢ ᠪᠠᠭᠲᠠᠭᠠᠨ᠂ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ 116 ᠬᠤᠪᠢ / ᠢᠵᠢ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ 76 ᠬᠤᠪᠢ / ᠢᠵᠢ ᠪᠠᠭᠲᠠᠵᠤ᠂ ᠦᠵᠡᠰᠭᠦᠯᠡᠩ ᠨᠢ 10 ᠰᠠᠷ᠎ᠠ ᠶᠢᠨ ᠰᠡᠭᠦᠯᠴᠢ ᠪᠤᠯᠲᠠᠯ᠎ᠠ ᠶᠠᠪᠤᠭᠳᠠᠬᠤ ᠪᠤᠯᠤᠨ᠎ᠠ᠃    ᠣᠶᠢᠷ᠎ᠠ ᠳᠤ᠂ ︽ᠴᠢᠯᠠᠭᠤᠨ ᠵᠡᠪᠰᠡᠭ ᠤᠨ ᠴᠠᠭ ᠦᠶ᠎ᠡ — ᠵᠡᠭᠦᠨ ᠦᠵᠦᠮᠦᠴᠢᠨ ᠬᠤᠰᠢᠭᠤᠨ ᠤ ᠤᠯᠤᠰ ᠤᠨ ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠨᠢᠭᠡᠴᠢ ᠪᠤᠯᠬᠤ ᠵᠢᠩᠰᠡᠲᠠᠢ ᠠᠭᠤᠶ ᠶᠢᠨ ᠪᠠᠭᠤᠷᠢ ᠠᠴᠠ ᠮᠠᠯᠲᠠᠵᠤ ᠭᠠᠷᠭᠠᠭᠰᠠᠨ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠦᠵᠡᠭᠦᠯᠭᠡ︾ ᠰᠢᠯᠢ ᠶᠢᠨ ᠭᠤᠤᠯ ᠠᠶᠢᠮᠠᠭ ᠤᠨ ᠮᠦᠽᠧᠶ ᠳᠤ ᠶᠠᠪᠤᠭᠳᠠᠵᠤ᠂ ᠨᠡᠶᠢᠲᠡ 370 ᠬᠤᠪᠢ ᠲᠡᠤᠬᠡ ᠶᠢᠨ ᠳᠤᠷᠠᠰᠬᠠᠯᠲᠤ ᠵᠦᠶ᠋ᠯᠡᠰ ᠢ ᠳᠡᠯᠭᠡᠨ ᠦᠵᠡᠭᠦᠯᠵᠦ᠂ ᠠᠬᠤᠢ ᠲᠠᠯᠠᠪᠠᠢ ᠳᠤ ᠦᠷᠭᠡᠨ ᠤᠯᠠᠨ ᠦᠵᠡᠭᠴᠢᠳ ᠲᠤ ᠵᠢᠩᠰᠡᠲᠠᠢ ᠠᠭᠤᠢ ᠶᠢᠨ ᠪᠠᠭᠤᠷᠢ ᠠᠴᠠ ᠮᠠᠯᠲᠠᠨ ᠭᠠᠷᠭᠠᠭᠰᠠᠨ ᠬᠠᠭᠤᠴᠢᠨ ᠴᠢᠯᠠᠭᠤᠨ ᠵᠡᠪᠰᠡᠭ ᠤᠨ ᠲᠤᠬᠠᠢ ᠲᠠᠶᠢᠯᠪᠤᠷᠢᠯᠠᠵᠤ᠂ ᠬᠦᠮᠦᠨ ᠲᠦᠷᠦᠯᠬᠢᠲᠡᠨ ᠬᠡᠷᠬᠢᠨ ᠠᠯᠬᠤᠮ ᠠᠯᠬᠤᠮ ᠢᠶᠠᠷ ᠤᠳᠤ ᠦᠶ᠎ᠡ ᠶᠢᠨ ᠪᠤᠯᠪᠠᠰᠤᠨ ᠳᠤ ᠬᠦᠷᠦᠭᠰᠡᠨ ᠢ ᠲᠠᠨᠢᠯᠴᠠᠭᠤᠯᠤᠭᠰᠠᠨ ᠪᠠᠶᠢᠨ᠎ᠠ᠃    ᠡᠭᠦᠨ ᠠᠴᠠ ᠭᠠᠳᠠᠨ᠎ᠠ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠨᠦᠯᠦᠭᠡ ᠠᠴᠠ ᠪᠤᠯᠵᠤ᠂ ᠦᠪᠡᠷᠲᠡᠭᠡᠨ ᠵᠠᠰᠠᠬᠤ ᠤᠷᠤᠨ ᠤ ᠡᠯ᠎ᠡ ᠭᠠᠵᠠᠷ ᠤᠨ ᠮᠦᠽᠸᠢ ᠨᠢ ᠰᠢᠨ᠎ᠡ ᠮᠡᠷᠭᠡᠵᠢᠯ ᠰᠢᠨ᠎ᠡ ᠵᠠᠭᠤᠴᠢᠯᠠᠭᠤᠷ ᠢ ᠠᠰᠢᠬᠯᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢᠨ ᠰᠢᠨ᠎ᠡ ᠬᠡᠪ ᠵᠠᠭᠪᠤᠷ ᠢ ᠴᠤᠭᠴᠠᠯᠠᠨ᠂ ᠰᠢᠭᠤᠳ ᠨᠡᠪᠲᠡᠷᠡᠭᠦᠯᠭᠡ᠂ ᠳᠠᠭᠤ ᠰᠢᠩᠭᠡᠭᠡᠯᠲᠡ᠂ ᠳᠦᠷᠰᠦ ᠰᠢᠩᠭᠡᠭᠡᠯᠲᠡ ᠪᠠ ᠰᠦᠯᠵᠢᠶᠡᠨ ᠳᠠᠬᠢ ᠬᠠᠮᠲᠤᠷᠠᠭᠰᠠᠨ ᠠᠵᠢᠯᠯᠠᠭ᠎ᠠ ᠵᠡᠷᠭᠡ ᠤᠯᠠᠨ ᠵᠦᠢᠯ ᠤᠨ ᠬᠡᠯᠪᠡᠷᠢ ᠪᠠᠷ ᠠᠷᠠᠳ ᠤᠯᠠᠨ ᠳᠤ ︽ᠡᠭᠦᠯᠡᠨ ᠦᠢᠯᠡᠴᠢᠯᠡᠭᠡ︾ ᠬᠠᠩᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠦᠨᠡᠨ ᠬᠦ ︽ᠠᠮᠢᠯᠠᠭᠤᠯᠵᠤ︾᠂ ᠲᠠᠯ᠎ᠠ ᠨᠤᠲᠤᠭ ᠤᠨ ᠰᠤᠶᠤᠯ ᠪᠤᠯᠪᠠᠰᠤᠨ ᠤ ᠭᠡᠷᠡᠯ ᠭᠢᠯᠪᠠᠭ᠎ᠠ ᠶᠢ ᠪᠦᠬᠦ ᠤᠯᠤᠰ᠂ ᠴᠢᠨᠠᠭᠰᠢᠯᠠᠨ ᠪᠦᠬᠦ ᠳᠡᠯᠡᠬᠡᠢ ᠳᠤ ᠰᠠᠴᠤᠷᠠᠭᠤᠯᠵᠤ ᠪᠠᠶᠢᠳᠠᠭ ᠰᠠᠨ᠃    ᠦᠪᠡᠷᠲᠡᠭᠡᠨ ᠵᠠᠰᠠᠬᠤ ᠤᠷᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠰᠢᠰᠲᠧᠮ ᠤᠨ ᠬᠢᠨ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠦᠭᠦᠯᠡᠯᠲᠡ ᠶᠢᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠪᠦᠬᠦ ᠤᠷᠤᠨ ᠤ ᠦᠭᠡᠷᠡᠴᠢᠯᠡᠯᠲᠡ ᠬᠦᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠬᠯᠠᠬᠤ ᠠᠵᠢᠯ ᠢ ᠲᠠᠰᠤᠷᠠᠯᠲᠠ ᠦᠭᠡᠢ ᠴᠢᠩᠭᠠᠷᠠᠭᠤᠯᠤᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢᠯᠡᠷᠬᠡᠢ ᠦᠷ᠎ᠡ ᠪᠦᠲᠦᠮᠵᠢ ᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠮᠦᠽᠸᠢ ᠨᠢᠭᠡᠴᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠤᠯᠢᠯᠴᠠᠭ᠎ᠠ ᠠᠯᠬᠤᠮ ᠠᠯᠬᠤᠮ ᠢᠶᠠᠷ ᠦᠷᠭᠡᠳᠴᠦ᠂ ᠲᠡᠦᠬᠡ ᠶᠢᠨ ᠳᠤᠷᠠᠰᠬᠠᠯᠲᠤ ᠵᠦᠢᠯᠡᠰ ᠪᠤᠯᠤᠨ ᠵᠢᠭᠤᠯᠴᠢᠯᠠᠯ ᠢ ᠠᠭᠤᠰᠤᠯᠴᠠᠭᠤᠯᠤᠨ ᠬᠦᠭᠵᠢᠭᠦᠯᠬᠦ ᠠᠵᠢᠯ ᠢ ᠨᠡᠩ ᠢᠯᠡᠭᠦᠦ ᠭᠦᠨᠵᠡᠭᠡᠶᠢᠷᠡᠭᠦᠯᠦᠨ᠂ ᠡᠯ᠎ᠡ ᠵᠦᠢᠯ ᠤᠨ ᠠᠵᠢᠯ ᠳᠠᠭᠠᠨ ᠢᠯᠠᠭᠤᠬᠰᠠᠨ ᠠᠮᠵᠢᠯᠲᠠ ᠤᠯᠵᠤ ᠪᠠᠶᠢᠨ᠎ᠠ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠠ