43 ᠵᠢᠯ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠮᠤᠩᠭᠤᠯ ᠬᠡᠯᠡ ᠪᠢᠴᠢᠭ ᠤᠨ ᠵᠢᠩᠬᠢᠨᠢ ᠰᠡᠳᠦᠪ ᠢ ᠡᠮᠬᠢᠳᠬᠡᠨ ᠨᠠᠶᠢᠷᠠᠭᠤᠯᠤᠭᠴᠢ — ᠰᠠᠶᠢᠰᠢᠶᠠᠯᠳᠤ
ᠨᠡᠶᠢᠲᠡᠯᠡᠭᠰᠡᠨ ᠴᠠᠭ᠄
2020/12/14
    ︽ᠰᠢᠯᠭᠠᠯᠳᠠ ᠳᠤ ᠤᠷᠤᠯᠴᠠᠬᠤ ᠠᠴᠠ ᠡᠮᠤᠨ᠎ᠠ ᠦᠩᠭᠡᠷᠡᠭᠰᠡᠨ ᠵᠢᠯ ᠤᠳ ᠤᠨ ᠵᠢᠩᠬᠢᠨᠢ ᠰᠢᠯᠭᠠᠯᠳᠠ ᠠᠴᠠ ᠭᠠᠷᠳᠠᠨ ᠲᠠᠪᠳᠠᠪᠠᠯ ᠬᠢᠷᠢ ᠪᠦᠳᠦᠮᠵᠢ ᠬᠠᠮᠤᠭ ᠠᠴᠠ ᠲᠦᠷᠭᠡᠨ ᠲᠡᠭᠡᠭᠰᠢᠯᠡᠨ᠎ᠠ︾ ᠭᠡᠵᠥ ᠶᠡᠭᠡ ᠰᠤᠷᠭᠠᠭᠤᠯᠢ ᠳᠤ ᠪᠠᠶᠢᠬᠤ ᠳᠤ ᠪᠠᠭᠰᠢ ᠶᠢᠨ ᠬᠡᠯᠡᠭᠰᠡᠨ ᠦᠭᠡ ᠰᠠᠨᠠᠭᠳᠠᠨ᠎ᠠ᠃
    ᠲᠦᠢᠳᠬᠡᠷ ᠬᠢᠵᠢᠭ ︽ᠲᠦᠢᠪᠡᠭᠡᠭᠰᠡᠨ︾ ᠠᠴᠠ ᠡᠨᠡ ᠵᠢᠯ ᠤᠨ ᠤᠯᠤᠰ ᠤᠨ ᠨᠢᠭᠡᠳᠦᠯᠳᠠᠢ ᠰᠢᠯᠭᠠᠯᠳᠠ ᠨᠢᠭᠡ ᠰᠠᠷ᠎ᠠ ᠬᠤᠶᠢᠰᠢᠯᠠᠭᠳᠠᠪᠠ᠃ ᠶᠡᠭᠡ ᠰᠤᠷᠭᠠᠭᠤᠯᠢ ᠳᠤ ᠰᠢᠯᠭᠠᠭᠤᠯᠤᠭᠰᠠᠳ ᠠᠷᠪᠠᠨ ᠵᠢᠯ ᠤᠨ ᠰᠤᠷᠭᠠᠭᠤᠯᠢ ᠰᠤᠶᠤᠯ ᠤᠨ ᠮᠦᠷ ᠢ ᠬᠦᠭᠡᠭᠡᠭᠡᠳ ᠤᠯᠤᠰ ᠤᠨ ᠰᠢᠯᠭᠠᠯᠳᠠ ᠶᠢᠨ ᠲᠠᠪᠠᠭ᠎ᠠ ᠶᠢ ᠲᠠᠪᠠᠭ᠋ᠤ ᠪᠠᠷ ᠪᠤᠯᠤᠭᠰᠠᠨ ᠲᠠᠰᠢᠷᠠᠮ ᠢᠶᠠᠷ 1977 - 2019 ᠤᠨ ᠬᠦᠷᠳᠡᠯᠡᠬᠢ ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ︵ᠬᠦᠭᠡ︶ ᠪᠠ ᠯᠠᠪᠯᠠᠬᠤ ᠬᠠᠷᠢᠭᠤᠯᠳᠠ ᠶᠢᠨ ᠬᠤᠷᠢᠶᠠᠩᠭᠤᠢ ︽21 ᠳ᠋ᠤᠭᠡᠷ ᠵᠠᠭᠤᠨ ᠤ ᠮᠤᠩᠭᠤᠯ ᠢᠶᠠᠷ ᠬᠢᠴᠢᠶᠡᠯᠯᠡᠬᠦ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠭᠤᠯᠤᠭᠰᠠᠳ ᠲᠤ ᠵᠤᠷᠢᠭᠤᠯᠤᠭᠰᠠᠨ ᠤᠩᠰᠢᠬᠤ ᠪᠢᠴᠢᠭ︾ ᠭᠡᠬᠦ ᠨᠤᠮ ᠬᠡᠪᠯᠡᠭᠳᠡᠨ ᠰᠤᠷᠤᠭᠴᠢᠳ ᠤᠨ ᠡᠮᠤᠨ᠎ᠠ ᠲᠡᠯᠭᠡᠭᠳᠡᠯ᠎ᠠ᠃ ᠡᠨᠡ ᠬᠦ ᠴᠢᠮᠡᠭᠡ ᠶᠢ ᠰᠤᠨᠤᠰᠤᠭᠠᠳ ᠰᠤᠷᠪᠤᠯᠵᠢᠯᠠᠭᠴᠢ ᠲᠤᠰ ᠨᠤᠮ ᠢ ᠡᠮᠬᠢᠳᠬᠡᠨ ᠨᠠᠶᠢᠷᠠᠭᠤᠯᠤᠭᠰᠠᠨ ᠰᠠᠶᠢᠰᠢᠶᠠᠯᠳᠤ ᠪᠠᠭᠰᠢ ᠲᠠᠢ ᠤᠳᠠᠰᠤ ᠪᠠᠷ ᠬᠠᠷᠢᠴᠠᠵᠥ ᠲᠦᠬᠦᠮ ᠰᠤᠷᠪᠤᠯᠵᠢᠯᠠᠭ᠎ᠠ ᠠᠪᠤᠪᠠ᠃    ᠰᠠᠶᠢᠰᠢᠶᠠᠯᠳᠤ᠂ ᠬᠦᠬᠡᠬᠤᠳᠠ ᠶᠢᠨ ᠦᠨᠳᠦᠰᠦᠳᠠᠨ ᠤ ᠲᠤᠷᠰᠢᠯᠳᠠ ᠶᠢᠨ ᠰᠤᠷᠭᠠᠭᠤᠯᠢ ᠶᠢᠨ ᠮᠤᠩᠭᠤᠯ ᠬᠡᠯᠡ ᠪᠢᠴᠢᠭ ᠤᠨ ᠪᠠᠭᠰᠢ᠃ 1989 ᠤᠨ ᠳᠤ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤᠨ ᠤ ᠬᠤᠨᠳᠤ ᠪᠠᠯᠭᠠᠰᠤᠨ ᠳᠤ ᠲᠦᠷᠦᠵᠠᠢ᠃ 2013 ᠤᠨ ᠤ 7 ᠰᠠᠷ᠎ᠠ ᠳᠤ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠤᠬᠢᠶᠠᠯ ᠤᠨ ᠰᠠᠯᠪᠤᠷᠢ ᠠᠴᠠ ᠲᠡᠬᠦᠰᠴᠤ᠂ ᠤᠳᠤ ᠮᠤᠩᠭᠤᠯ ᠤᠯᠤᠰ ᠤᠨ ᠪᠤᠯᠪᠠᠰᠤᠷᠠᠯ ᠤᠨ ᠶᠡᠭᠡ ᠰᠤᠷᠭᠠᠭᠤᠯᠢ ᠳᠤ ᠬᠡᠯᠡ ᠰᠢᠨᠵᠢᠯᠡᠭᠡᠨ ᠤ ᠤᠬᠠᠭᠠᠨ ᠤ ᠮᠠᠬᠢᠰᠲ᠋ᠧᠷ ᠢᠶᠠᠷ ᠰᠤᠷᠤᠯᠴᠠᠵᠤ ᠪᠤᠢ᠃     ᠰᠠᠶᠢᠰᠢᠶᠠᠯᠳᠤ ᠶᠢᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠢ ᠴᠤᠭᠯᠠᠭᠤᠯᠤᠨ ᠡᠮᠬᠢᠳᠬᠡᠭᠰᠡᠨ ᠦᠢᠯᠡ ᠶᠠᠪᠤᠳᠠᠯ ᠢ ᠲᠤᠷᠠᠳᠪᠠᠯ᠂ ᠲᠡᠬᠦᠨ ᠢ ᠶᠡᠭᠡ ᠰᠤᠷᠭᠠᠭᠤᠯᠢ ᠶᠢᠨ ᠲᠦᠷᠪᠡᠳᠦᠭᠡᠷ ᠤᠨ ᠪᠠᠶᠢᠬᠤ ᠳᠤ ᠨᠢᠭᠡᠨ ᠲᠡᠨᠢᠯ ᠨᠢ᠄ ︽ᠨᠢᠳᠤᠨᠤᠨ ᠤ ᠤᠯᠤᠰ ᠤᠨ ᠨᠢᠭᠡᠳᠦᠯᠳᠠᠢ ᠰᠢᠯᠭᠠᠯᠳᠠ ᠶᠢᠨ ᠰᠡᠳᠦᠪ ᠢ ᠤᠯᠵᠦ ᠦᠭᠴᠦ ᠴᠢᠳᠠᠨ᠎ᠠ ᠤᠤ︖︾ ᠭᠡᠵᠥ ᠭᠤᠶᠤᠭᠰᠠᠨ ᠶᠠᠪᠤᠳᠠᠯ ᠠᠴᠠ ᠡᠬᠢᠯᠡᠨ᠎ᠠ᠃ ᠲᠡᠭᠡᠭᠡᠳ ᠲᠡᠷᠡ ᠤᠯᠤᠰ ᠤᠨ ᠰᠢᠯᠭᠠᠯᠳᠠ ᠳᠤ ᠤᠷᠤᠯᠴᠠᠬᠤ ᠭᠡᠵᠥ ᠪᠠᠶᠢᠭ᠎ᠠ ᠰᠤᠷᠤᠭᠴᠢᠳ ᠦᠩᠭᠡᠷᠡᠭᠰᠡᠨ ᠵᠢᠯ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠤᠳ ᠢ ᠤᠯᠵᠦ ᠦᠵᠡᠬᠦ ᠱᠠᠭᠠᠷᠳᠠᠯᠭ᠎ᠠ ᠮᠠᠰᠢ ᠲᠤᠯᠭᠠᠮ ᠪᠠᠶᠢᠬᠤ ᠶᠢ ᠮᠡᠳᠡᠵᠦ᠂ ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠤᠳ ᠢ ᠴᠤᠭᠯᠠᠭᠤᠯᠬᠤ ᠭᠡᠰᠡᠨ ᠪᠤᠳᠤᠯ ᠤᠷᠭᠤᠪᠠ᠃ ᠰᠠᠶᠢᠰᠢᠶᠠᠯᠳᠤ᠄ ︽ᠮᠤᠩᠭᠤᠯ ᠬᠡᠯᠡᠨ ᠤ ᠰᠢᠯᠭᠠᠯᠳᠠ ᠠᠴᠠ ᠪᠤᠰᠤᠳ ᠬᠢᠴᠢᠶᠡᠯ ᠲᠦᠷᠦᠯ ᠤᠨ ᠰᠢᠯᠭᠠᠯᠳᠠ ᠶᠢᠨ ᠰᠡᠳᠦᠪ ᠴᠦᠮ ᠬᠢᠳᠠᠳ ᠰᠡᠳᠦᠪ ᠠᠴᠠ ᠤᠷᠴᠢᠭᠤᠯᠤᠭᠰᠠᠨ ᠠᠴᠠ ᠰᠢᠯᠭᠠᠯᠳᠠ ᠶᠢᠨ ᠵᠢᠩᠬᠢᠨᠢ ᠰᠡᠳᠦᠪ ᠨᠢ ᠤᠯᠳᠠᠬᠤ ᠳᠤ ᠠᠮᠠᠷ᠃ ᠬᠠᠷᠢᠨ ᠮᠤᠩᠭᠤᠯ ᠬᠡᠯᠡᠨ ᠤ ᠵᠢᠩᠬᠢᠨᠢ ᠰᠡᠳᠦᠪ ᠢ ᠤᠯᠬᠤ ᠳᠤ ᠬᠦᠴᠢᠷ᠃ ᠪᠢ ᠰᠤᠷᠤᠭᠴᠢᠳ ᠲᠤ ᠮᠤᠩᠭᠤᠯ ᠬᠡᠯᠡᠨ ᠤ ᠰᠢᠯᠭᠠᠯᠳᠠ ᠶᠢᠨ ᠵᠢᠩᠬᠢᠨᠢ ᠰᠡᠳᠦᠪ ᠢ ᠡᠮᠬᠢᠳᠬᠡᠨ ᠦᠭᠪᠡᠯ ᠲᠡᠳᠠᠨᠠᠷ ᠤᠨ ᠲᠠᠪᠳᠠᠬᠤ ᠳᠤᠨᠢ ᠲᠦᠬᠦᠮ ᠪᠤᠯᠵᠥ᠂ ᠮᠤᠩᠭᠤᠯ ᠬᠡᠯᠡᠨ ᠤ ᠪᠠᠭᠰᠢ ᠨᠠᠷ ᠲᠤ ᠴᠦ ᠭᠠᠷ ᠠᠪᠤᠯᠭ᠎ᠠ ᠪᠤᠯᠬᠤ ᠪᠠᠶᠢᠯᠬᠦᠢ ᠭᠡᠵᠥ ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠰᠡᠳᠦᠪ ᠢ ᠴᠤᠭᠯᠠᠭᠤᠯᠬᠤ ᠪᠠᠷ ᠤᠷᠤᠯᠳᠤᠯ᠎ᠠ︾ ᠭᠡᠨ᠎ᠠ᠃
    ᠢᠡᠭᠬᠢᠭᠡᠳ ᠶᠡᠭᠡ ᠰᠤᠷᠭᠠᠭᠤᠯᠢ ᠶᠢᠨ ᠲᠦᠷᠪᠡᠳᠤᠭᠡᠷ ᠤᠨ ᠤ ᠤᠶᠤᠳᠠᠨ ᠪᠠᠶᠢᠭᠰᠠᠨ ᠰᠠᠶᠢᠰᠢᠶᠠᠯᠳᠤ 2013 ᠤᠨ ᠠᠴᠠ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠢ ᠯᠠᠪᠯᠠᠬᠤ ᠬᠠᠷᠢᠭᠤᠯᠳᠠ ᠲᠠᠢ ᠨᠢ ᠴᠤᠭᠯᠠᠭᠤᠯᠵᠥ ᠡᠬᠢᠯᠡᠪᠡ᠃ ᠭᠡᠳᠡᠯ᠎ᠠ ᠲᠡᠷᠡ ᠲᠤᠰ ᠵᠢᠯ ᠤᠨ 7 ᠰᠠᠷ᠎ᠠ ᠳᠤᠨᠢ ᠶᠡᠭᠡ ᠰᠤᠷᠭᠠᠭᠤᠯᠢ ᠪᠠᠨ ᠲᠡᠬᠦᠰᠦᠭᠡᠳ ᠲᠦᠷᠪᠡᠳ ᠬᠤᠰᠢᠭᠤᠨ ᠤ ᠮᠤᠩᠭᠤᠯ ᠦᠨᠳᠦᠰᠦᠳᠠᠨ ᠤ ᠲᠤᠮᠳᠠᠳᠤ ᠰᠤᠷᠭᠠᠭᠤᠯᠢ ᠳᠤ ᠵᠢᠩᠬᠢᠨᠢ ᠪᠠᠭᠰᠢ ᠪᠠᠷ ᠠᠵᠢᠯᠯᠠᠬᠤ ᠪᠤᠯᠤᠭᠰᠠᠨ ᠠᠴᠠ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠢ ᠴᠤᠭᠯᠠᠭᠤᠯᠬᠤ ᠠᠵᠢᠯ ᠢᠶᠠᠨ ᠤᠷᠤᠭᠰᠢᠳᠠᠢ ᠶᠠᠪᠤᠭᠳᠠᠭᠤᠯᠵᠥ ᠲᠡᠶᠢᠯᠦᠭᠰᠡᠨ ᠦᠭᠡᠢ ᠨᠢ ᠬᠠᠷᠠᠮᠰᠠᠯᠳᠠᠢ ᠪᠠᠶᠢᠯ᠎ᠠ᠃ ᠲᠡᠬᠦᠨ ᠢ 2016 ᠤᠨ ᠳᠤ ᠬᠦᠬᠡᠬᠤᠳᠠ ᠶᠢᠨ ᠦᠨᠳᠦᠰᠦᠳᠠᠨ ᠤ ᠲᠤᠷᠰᠢᠯᠳᠠ ᠶᠢᠨ ᠰᠤᠷᠭᠠᠭᠤᠯᠢ ᠳᠤ ᠠᠵᠢᠯ ᠰᠢᠯᠵᠢᠨ ᠢᠷᠡᠭᠰᠡᠨ ᠠᠴᠠ ᠡᠮᠬᠢᠳᠬᠡᠨ ᠴᠤᠭᠯᠠᠭᠤᠯᠬᠤ ᠠᠵᠢᠯ ᠤᠨ ᠨᠦᠬᠦᠴᠡᠯ ᠨᠢ ᠰᠠᠶ᠋ᠢ ᠪᠦᠷᠢᠯᠳᠦᠵᠦ᠂ ᠨᠠᠶᠢᠵᠠ ᠨᠦᠬᠦᠳ ᠠᠴᠠ ᠪᠠᠨ ᠤᠢᠢᠷᠠᠬᠠᠨ ᠪᠤᠯᠵᠥ ᠲᠡᠳᠠᠨᠠᠷ ᠤᠨ ᠢᠶᠠᠨ ᠬᠠᠪᠰᠤᠷᠤᠯᠭ᠎ᠠ ᠲᠠᠮᠵᠢᠯᠭᠡ ᠶᠢ ᠬᠦᠷᠲᠡᠵᠤ᠂ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠢ ᠴᠤᠭᠯᠠᠭᠤᠯᠬᠤ ᠠᠵᠢᠯ ᠨᠢ ᠲᠠᠬᠢᠨ ᠤᠷᠤᠭᠰᠢᠳᠠᠢ᠂ ᠲᠦᠷᠭᠡᠨ ᠶᠠᠪᠤᠭᠳᠠᠵᠥ ᠴᠢᠳᠠᠭᠰᠠᠨ ᠪᠠᠶᠢᠪᠠ᠃ ᠡᠮᠬᠢᠳᠭᠡᠨ ᠨᠠᠶᠢᠷᠠᠭᠤᠯᠬᠤ ᠠᠵᠢᠯ ᠨᠢ 2016 ᠤᠨ ᠠᠴᠠ 2018 ᠤᠨ ᠤ ᠡᠬᠢᠨ ᠪᠤᠯᠳᠠᠯ᠎ᠠ ᠬᠠᠮᠤᠭ ᠡᠷᠴᠢ ᠬᠦᠴᠤᠳᠠᠢ ᠶᠠᠪᠤᠭᠳᠠᠵᠥ᠂ ᠲᠦᠴᠢᠭᠡᠳ ᠵᠢᠯ ᠤᠨ ᠲᠤᠷᠰᠢᠬᠢ ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠰᠡᠳᠦᠪ ᠢ ᠪᠠᠷᠤᠭ ᠪᠦᠬᠦᠨ ᠢ ᠴᠤᠭᠯᠠᠭᠤᠯᠵᠥ ᠲᠠᠭᠤᠰᠬᠠᠪᠠ᠃    ᠠᠮᠵᠢᠯᠳᠠ ᠤᠯᠬᠤ ᠳᠤ ᠠᠨᠳᠠ ᠨᠦᠬᠦᠳ ᠤᠨ ᠢᠶᠠᠨ ᠬᠠᠪᠰᠤᠷᠤᠯᠭ᠎ᠠ ᠲᠠᠮᠵᠢᠯᠭᠡ ᠶᠢ ᠮᠠᠷᠳᠠᠵᠥ ᠪᠤᠯᠬᠤ ᠦᠭᠡᠢ᠃ ᠲᠡᠷᠡ ᠰᠤᠷᠪᠤᠯᠵᠢᠯᠠᠭᠴᠢ ᠳᠤ᠄ ︽ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠳᠤ ᠪᠠᠭᠰᠢᠯᠠᠵᠥ ᠪᠠᠶᠢᠭ᠎ᠠ ᠮᠢᠨᠦ ᠬᠠᠮᠳᠤ ᠰᠤᠷᠤᠭᠴᠢ ᠰᠡᠴᠡᠨᠳᠦ ᠳ᠋ᠤᠺᠲ᠋ᠤᠷ ᠨᠠᠳᠠᠳᠤ ᠮᠠᠰᠢ ᠶᠡᠭᠡ ᠲᠡᠮᠵᠢᠯᠭᠡ ᠦᠵᠡᠬᠦᠯᠤᠯ᠎ᠠ ᠰᠢᠤ︕ ᠲᠡᠷᠡ ᠮᠡᠨᠢ ᠮᠢᠨᠦ ᠤᠯᠤᠰ ᠤᠨ ᠨᠢᠭᠡᠳᠦᠯᠳᠠᠢ ᠰᠢᠯᠭᠠᠯᠳᠠ ᠴᠤᠭᠯᠠᠭᠤᠯᠵᠥ ᠪᠠᠶᠢᠭ᠎ᠠ ᠶᠢ ᠮᠡᠳᠡᠭᠰᠡᠨ ᠤ ᠰᠡᠬᠦᠯᠡᠷ ︿ᠨᠠᠶᠢᠵᠠ ᠨᠢ ᠦᠯᠡᠳᠡᠵᠥ ᠪᠠᠶᠢᠭ᠎ᠠ ᠡᠮᠬᠢᠳᠬᠡᠨ ᠴᠤᠭᠯᠠᠭᠤᠯᠬᠤ ᠠᠵᠢᠯ ᠳᠤ ᠴᠢᠨᠢ ᠲᠤᠰᠠ ᠲᠠᠮ ᠪᠤᠯᠤᠶ᠎ᠠ﹀ ᠭᠡᠵᠥ ᠴᠤᠭᠯᠠᠭᠤᠯᠵᠥ ᠤᠯᠤᠭᠠᠳᠤᠢ ᠰᠢᠯᠭᠠᠯᠳᠠ ᠶᠢᠨ ᠰᠡᠳᠦᠪ ᠤᠨ ᠨᠡᠯᠢᠶᠡᠳ ᠢ ᠬᠠᠪᠰᠤᠷᠴᠦ ᠴᠤᠭᠯᠠᠭᠤᠯᠵᠥ ᠦᠭᠴᠠᠢ︾ ᠭᠡᠮᠡᠨ ᠨᠠᠶᠢᠵᠠ ᠳᠠᠭᠠᠨ ᠮᠠᠰᠢ ᠶᠡᠭᠡ ᠲᠠᠯᠠᠷᠬᠠᠨ ᠶᠠᠷᠢᠨ᠎ᠠ᠃    2019 ᠤᠨ ᠤ 11 ᠰᠠᠷ᠎ᠠ ᠳᠤ ᠤᠯᠠᠨ ᠤ ᠲᠡᠮᠵᠢᠯᠭᠡ ᠪᠠᠷ ᠰᠠᠶᠢᠰᠢᠶᠠᠯᠳᠤ ᠶᠢᠨ ᠬᠦᠴᠦ ᠬᠦᠳᠡᠯᠮᠤᠷᠢ ᠪᠠᠨ ᠵᠠᠷᠤᠴᠠᠭᠤᠯᠵᠥ᠂ ᠮᠤᠩᠭᠤᠯ ᠬᠡᠯᠡᠨ ᠤ ᠤᠯᠤᠰ ᠤᠨ ᠨᠢᠭᠡᠳᠦᠯᠳᠠᠢ ᠰᠢᠯᠭᠠᠯᠳᠠ ᠶᠢᠨ ᠲᠠᠤᠬᠡᠨ ᠤᠯᠠ ᠮᠦᠷ ᠢ ᠲᠡᠮᠳᠡᠭᠯᠡᠵᠦ᠂ ᠮᠤᠩᠭᠤᠯ ᠰᠤᠶᠤᠯ ᠤᠨ ᠬᠦᠭᠵᠢᠯᠳᠡ ᠶᠢ ᠲᠤᠰᠬᠠᠭᠰᠠᠨ ᠦᠨ᠎ᠠ ᠦᠷᠳᠡᠭ ᠪᠦᠬᠦᠢ ᠡᠨᠡ ᠬᠦ ᠲᠤᠮᠤᠬᠠᠨ ᠪᠦᠳᠦᠭᠡᠯ ᠵᠢᠩᠬᠢᠨᠢ ᠪᠠᠷ ᠬᠡᠪᠯᠡᠭᠳᠡᠨ ᠦᠷᠭᠡᠨ ᠤᠯᠠᠨ ᠤᠩᠰᠢᠭᠴᠢ᠂ ᠪᠠᠭᠰᠢ ᠰᠤᠷᠤᠭᠴᠢ᠂ ᠰᠤᠳᠤᠯᠤᠬᠴᠢ᠂ ᠦᠪ ᠰᠤᠶᠤᠯ ᠳᠠᠭᠠᠨ ᠬᠠᠶᠢᠷᠠᠳᠠᠢ ᠬᠦᠮᠦᠰ ᠤᠨ ᠨᠤᠮ ᠤᠨ ᠰᠢᠷᠡᠬᠡᠨ ᠳᠤ ᠲᠡᠯᠭᠡᠭᠳᠡᠯ᠎ᠠ᠃    ᠲᠤᠰ ᠨᠤᠮ ᠨᠢ ᠤᠯᠤᠰ ᠤᠨ ᠨᠢᠭᠡᠳᠦᠯᠳᠠᠢ ᠰᠢᠯᠭᠠᠯᠳᠠ ᠶᠢ ᠰᠡᠷᠭᠦᠭᠡᠭᠰᠡᠨ 1977 ᠤᠨ ᠠᠴᠠ 2019 ᠤᠨ ᠪᠤᠯᠳᠠᠯᠠᠬᠢ 43 ᠵᠢᠯ ᠤᠨ 46 ᠬᠤᠪᠢ ᠮᠤᠩᠭᠤᠯ ᠬᠡᠯᠡ ᠪᠢᠴᠢᠭ ᠤᠨ ᠤᠯᠤᠰ ᠤᠨ ᠨᠢᠭᠡᠳᠦᠯᠳᠠᠢ ᠰᠢᠯᠭᠠᠯᠳᠠ ᠶᠢᠨ ᠵᠢᠩᠬᠢᠨᠢ ᠰᠡᠳᠦᠪ ᠢ ᠬᠠᠷᠢᠭᠤᠯᠳᠠ ᠲᠠᠢ ᠨᠢ ᠪᠠᠭᠳᠠᠭᠠᠭᠰᠠᠨ ᠶᠤᠮ᠃ ᠰᠠᠶᠢᠰᠢᠶᠠᠯᠳᠤ᠄ ︽ᠶᠠᠭᠠᠬᠢᠭᠠᠳ 46 ᠬᠤᠪᠢ ᠰᠡᠳᠦᠪ ᠪᠠᠶᠢᠬᠤ ᠪᠤᠢ︖ ᠭᠡᠬᠦᠯᠡᠷ 2001 ᠤᠨ ᠠᠴᠠ 2003 ᠤᠨ ᠳᠤ ᠪᠤᠯᠳᠠᠯ᠎ᠠ ᠵᠤᠨ ᠤ ᠤᠯᠠᠷᠢᠯ ᠤᠨ ᠰᠢᠯᠭᠠᠯᠳᠠ ᠠᠴᠠ ᠭᠠᠳᠠᠨ᠎ᠠ ᠬᠠᠪᠤᠷ ᠤᠨ ᠤᠯᠠᠷᠢᠯ ᠳᠤ ᠪᠠᠰᠠ ᠨᠢᠭᠡ ᠤᠳᠠᠭ᠎ᠠ ᠪᠦᠬᠦ ᠤᠯᠤᠰ ᠤᠨ ᠨᠢᠭᠡᠳᠦᠯᠳᠠᠢ ᠰᠢᠯᠭᠠᠯᠳᠠ ᠶᠠᠪᠤᠭᠳᠠᠵᠥ ᠪᠠᠶᠢᠯ᠎ᠠ᠃ ᠲᠡᠭᠡᠭᠡᠳ 43 ᠵᠢᠯ ᠳᠤ ᠨᠠᠶᠢᠳᠠ 46 ᠬᠤᠪᠢ ᠰᠢᠯᠭᠠᠯᠳᠠ ᠶᠢᠨ ᠰᠡᠳᠦᠪ ᠭᠠᠷᠤᠭᠰᠠᠨ ᠪᠠᠶᠢᠨ᠎ᠠ︾ ᠭᠡᠵᠥ ᠲᠠᠶᠢᠯᠪᠤᠷᠢᠯᠠᠨ᠎ᠠ᠃     ᠰᠠᠶᠢᠰᠢᠶᠠᠯᠳᠤ ᠪᠠᠭᠰᠢ ᠠᠵᠢᠯ ᠤᠨ ᠴᠢᠯᠦᠭᠡ ᠵᠠᠪ ᠢᠶᠠᠷ ᠢᠶᠠᠨ ︽21 ᠳ᠋ᠤᠭᠡᠷ ᠵᠠᠭᠤᠨ ᠤ ᠮᠤᠩᠭᠤᠯ ᠢᠶᠠᠷ ᠬᠢᠴᠢᠶᠡᠯᠯᠡᠬᠦ ᠡᠩ ᠤᠨ ᠲᠡᠭᠡᠳᠦ ᠵᠡᠷᠭᠡ ᠶᠢᠨ ᠰᠤᠷᠭᠠᠭᠤᠯᠢ ᠳᠤ ᠰᠢᠯᠭᠠᠭᠤᠯᠤᠭᠰᠠᠳ ᠲᠤ ᠵᠤᠷᠢᠭᠤᠯᠤᠭᠰᠠᠨ ᠤᠩᠰᠢᠬᠤ ᠪᠢᠴᠢᠭ︾ ᠢᠶᠠᠨ ᠡᠮᠬᠢᠳᠬᠡᠨ ᠨᠠᠶᠢᠷᠠᠭᠤᠯᠤᠭᠰᠠᠨ ᠨᠢ ᠦᠨᠳᠦᠰᠦᠳᠠᠨ ᠤ ᠦᠭᠡ ᠬᠡᠯᠡ ᠦᠰᠦᠭ ᠪᠢᠴᠢᠭ ᠪᠡ ᠤᠯᠠᠮᠵᠢᠯᠠᠯᠳᠤ ᠰᠤᠶᠤᠯ ᠳᠠᠭᠠᠨ ᠦᠪᠡᠷ ᠤᠨ ᠭᠡᠰᠡᠨ ᠬᠦᠴᠦᠨ ᠵᠢᠳᠬᠦᠯ ᠢᠶᠠᠨ ᠨᠡᠮᠡᠷᠢᠯᠡᠭᠰᠠᠨ ᠨᠢ ᠲᠠᠮᠵᠢᠭ ᠦᠬᠡᠢ᠃ ᠲᠡᠷᠡ ᠮᠡᠨᠢ ᠮᠦᠨ ᠴᠤ ᠵᠢᠭᠠᠨ ᠰᠤᠷᠭᠠᠯᠳᠠ ᠶᠢᠨ ᠠᠵᠢᠯ ᠳᠠᠭᠠᠨ ᠬᠢᠯᠠᠯᠵᠠᠭᠤᠯᠵᠥ ᠶᠠᠪᠤᠭ᠎ᠠ ᠵᠠᠯᠠᠭᠤ ᠰᠢᠯᠢᠳᠡᠭ ᠪᠠᠭᠰᠢ ᠶᠤᠮ᠃ ᠲᠡᠷᠡ ᠶᠡᠭᠡ ᠰᠤᠷᠭᠠᠭᠤᠯᠢ ᠪᠠᠨ ᠲᠡᠬᠦᠰᠦᠭᠡᠳ ᠪᠠᠭᠰᠢ ᠶᠢᠨ ᠠᠵᠢᠯ ᠤᠨ ᠭᠠᠷᠤᠭᠠᠨ ᠳᠤ ᠭᠠᠷᠤᠭᠰᠠᠨ ᠠᠴᠠ ᠨᠠᠭᠠᠰᠢ ᠬᠤᠰᠢᠭᠤᠨ ᠲᠡᠰ ᠤᠨ ᠰᠢᠯᠢᠳᠡᠭ ᠠᠩᠬᠢ ᠶᠢᠨ ᠡᠷᠬᠢᠯᠡᠭᠴᠢ᠂ ᠪᠦᠬᠦ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠦᠨᠳᠦᠰᠦᠨ ᠤᠷ᠎ᠠ ᠴᠢᠳᠠᠪᠤᠷᠢ ᠶᠢᠨ ᠤᠷᠤᠯᠳᠤᠭᠠᠨ ᠤ ᠨᠢᠭᠡᠳᠦᠭᠡᠷ ᠲᠡᠰ᠂ ᠪᠦᠬᠦ ᠤᠷᠤᠨ ᠤ ᠦᠬᠦᠯᠡᠯ ᠤᠨ ᠤᠷᠤᠯᠳᠤᠭᠠᠨ ᠤ ᠨᠢᠭᠡᠳᠦᠭᠡᠷ ᠲᠡᠰ ᠭᠡᠬᠦ ᠮᠡᠳᠦ ᠶᠢᠨ ᠱᠠᠩᠨᠠᠯ ᠬᠦᠬᠢᠬᠦᠯᠤᠯ ᠢ ᠠᠷᠪᠠ ᠭᠠᠷᠤᠢ ᠤᠳᠠᠭ᠎ᠠ ᠬᠦᠷᠳᠡᠪᠠ᠃     ᠰᠠᠶᠢᠨ ᠪᠠᠭᠰᠢ ᠰᠠᠶᠢᠰᠢᠶᠠᠯᠳᠤ ᠶᠢᠨ ᠰᠠᠷᠠᠭᠤᠯ ᠦᠢᠯᠡᠰ ᠤᠨ ᠤᠯᠠᠮ ᠪᠠᠳᠠᠷᠠᠨ ᠳᠡᠯᠭᠡᠷᠡᠬᠦ ᠶᠢ ᠬᠦᠰᠡᠨ ᠵᠦᠩᠨᠡᠶ᠎ᠠ ︕ ᠰᠢᠯᠭᠠᠯᠳᠠ ᠳᠤ ᠤᠷᠤᠯᠴᠠᠬᠤ ᠲᠡᠬᠦᠤᠨᠠᠷ ᠲᠤ ᠲᠡᠬᠦᠨ ᠤ ᠨᠠᠶᠢᠷᠠᠭᠤᠯᠤᠨ ᠡᠮᠬᠢᠳᠬᠡᠭᠰᠡᠨ ᠨᠤᠮ ᠲᠤᠰᠠ ᠪᠤᠯᠬᠤ ᠨᠢ ᠯᠠᠪᠳᠠᠢ᠃
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠠ