ᠤᠯᠠᠮᠵᠢᠯᠠᠯ · ᠬᠦᠭᠵᠢᠯ · ᠰᠢᠨᠡᠴᠢᠯᠡᠯ
ᠨᠡᠶᠢᠲᠡᠯᠡᠭᠰᠡᠨ ᠴᠠᠭ᠄
2020/12/14
   ᠶᠡᠷᠦᠩᠬᠡᠶ ᠱᠦᠵᠢ ᠰᠢ ᠶᠢᠨ ᠫᠢᠩ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠠᠭᠤᠯᠤᠭᠳᠠᠵᠤ ᠪᠠᠶᠢᠭ᠎ᠠ ᠦᠵᠡᠯ ᠰᠠᠨᠠᠭ᠎ᠠ ᠣᠶᠢᠯᠠᠭᠠᠭᠳᠠᠬᠤᠨ᠂ ᠰᠣᠶᠣᠯ ᠢᠷᠭᠡᠨᠰᠢᠯ ᠤᠨ ᠵᠣᠷᠢᠭ ᠰᠠᠨᠠᠭ᠎ᠠ᠂ ᠶᠣᠰᠣ ᠰᠤᠷᠲᠠᠬᠤᠨ ᠤ ᠵᠢᠷᠤᠮᠵᠢᠯ ᠢ ᠭᠦᠨᠵᠡᠭᠡᠢ ᠠᠭᠤᠳᠠᠯᠬᠤ ᠭᠡᠷᠡᠭᠲᠠᠢ ᠭᠡᠪᠡ᠃ ᠦᠢᠷ᠎ᠡ ᠶᠢᠨ ᠵᠢᠯ ᠳᠤ᠂ ᠪᠦᠬᠦ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠠᠵᠢᠯ ᠨᠢ ︽ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠶᠢ ᠪᠠᠷᠢᠮᠲᠠᠯᠠᠵᠦ᠂ ᠥᠷᠲᠡᠭ ᠢᠶᠠᠨ ᠪᠠᠳᠠᠷᠠᠭᠤᠯᠵᠤ᠂ ᠬᠥᠭᠵᠢᠭᠦᠯᠦᠨ ᠮᠠᠨᠳᠤᠭᠤᠯᠬᠤ︾ ᠬᠥᠭᠵᠢᠯᠲᠡ ᠶᠢᠨ ᠢᠨᠵᠧᠨᠧᠷᠢᠩ ᠢ ᠶᠡᠭᠡ ᠪᠠᠷ ᠬᠡᠷᠡᠭᠵᠢᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠪᠡ᠃ ᠤᠨᠴᠠᠭᠠᠢᠢᠯᠠᠨ ᠮᠠᠨ ᠤ ᠤᠷᠤᠨ ᠪᠣᠳᠠᠰ ᠤᠨ ᠪᠤᠰᠤ ᠰᠣᠶᠣᠯ ᠤᠨ ᠥᠪ ᠤᠨ ᠣᠳᠣ ᠦᠶ᠎ᠡ ᠶᠢᠨ ᠦᠨ᠎ᠡ ᠥᠷᠲᠡᠭ ᠢ ᠭᠦᠢᠴᠡᠳ ᠠᠭᠤᠳᠠᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠤᠯᠠᠮᠵᠢᠯᠠᠨ ᠵᠠᠯᠭᠠᠮᠵᠢᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠶᠡᠨᠳᠡᠰᠢ ᠦᠬᠡᠢ ᠷᠢᠳᠢ ᠰᠢᠳᠢ ᠪᠠ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠵᠤ ᠪᠠᠶᠢᠨ᠎ᠡ᠃    ᠮᠠᠨ ᠤ ᠤᠷᠤᠨ ᠤᠢᠢᠷ᠎ᠠ ᠳᠤ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠷᠠᠭ᠎ᠠ ᠬᠤᠳᠠᠯᠳᠤᠨ ᠠᠪᠬᠤ ᠪᠠᠶᠠᠷ ᠵᠡᠷᠭᠡ ᠤᠯᠠᠨ ᠠᠵᠢᠯᠯᠠᠭ᠎ᠠ ᠶᠢ ᠡᠷᠬᠢᠯᠡᠵᠦ᠂ ᠪᠠᠷᠠᠭ᠎ᠠ ᠬᠤᠳᠠᠯᠳᠤᠨ ᠠᠪᠬᠤ ᠭᠤᠭᠴᠤᠭ᠎ᠠ ᠪᠠᠷ ᠳᠠᠮᠵᠢᠨ ᠪᠣᠳᠠᠰ ᠤᠨ ᠪᠤᠰᠤ ᠰᠣᠶᠣᠯ ᠤᠨ ᠥᠪ ᠤᠨ ᠭᠦᠭᠵᠢᠯᠲᠡ ᠶᠢ ᠳᠠᠶᠢᠴᠢᠯᠠᠵᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠲᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠳᠤ ᠬᠦᠴᠦᠨ ᠨᠡᠮᠡᠷᠢᠯᠡᠵᠤ ᠪᠠᠶᠢᠨ᠎ᠡ᠃   ᠪᠣᠳᠠᠰ ᠤᠨ ᠪᠤᠰᠤ ᠰᠣᠶᠣᠯ ᠤᠨ ᠥᠪ + ᠶᠠᠳᠠᠭᠤ ᠶᠢ ᠲᠡᠳᠬᠦᠬᠦ    ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠳᠤᠯᠬᠤ ᠰᠢᠢᠳᠪᠦᠷᠢᠳᠦ ᠳᠠᠶᠢᠯᠠᠯᠳᠤᠭᠠᠨ ᠤ ᠢᠯᠡᠯᠲᠡ ᠶᠢ ᠤᠯᠬᠤ ᠰᠡᠬᠦᠯ ᠬᠤᠷᠢᠶᠠᠬᠤ ᠵᠢᠯ ᠪᠤᠯᠤᠨ᠎ᠠ᠃ ᠡᠭᠦᠨ ᠳᠤ ᠰᠤᠶᠤᠯ ᠢᠶᠠᠷ ᠶᠠᠳᠠᠭᠤ ᠶᠢ ᠲᠡᠳᠬᠦᠬᠦ ᠡᠷᠴᠢᠮ ᠮᠠᠰᠢ ᠶᠡᠭᠡ ᠪᠠᠶᠢᠵᠤ᠂ ᠮᠠᠨ ᠤ ᠤᠷᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠳᠤ ᠳᠠᠶᠢᠯᠠᠯᠳᠤᠭᠠᠨ ᠳᠤ ᠮᠠᠰᠢ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠭ᠎ᠠ ᠶᠤᠮ᠃ ᠰᠤᠶᠤᠯ ᠢᠶᠠᠷ ᠶᠠᠳᠠᠭᠤ ᠶᠢ ᠲᠡᠳᠬᠦᠬᠦ ᠨᠢ ᠳᠥᠭᠦᠮᠬᠡᠨ ᠢᠶᠠᠷ ᠰᠢᠯᠵᠢᠭᠦᠯᠦᠨ ᠥᠭᠬᠦ ᠪᠢᠰᠢ᠂ ᠨᠡᠩ ᠴᠦ ᠳᠥᠭᠦᠮᠬᠡᠨ ᠢᠶᠠᠷ ᠠᠵᠢᠯ ᠣᠯᠭᠤᠬᠤ ᠪᠢᠰᠢ᠂ ᠬᠠᠷᠢᠨ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠵᠢᠯᠴᠢ ᠬᠥᠳᠡᠯᠮᠦᠷᠢᠴᠢ ᠪᠠ ᠤᠶᠤᠨ ᠤᠬᠠᠭᠠᠨ ᠢᠶᠠᠷ ᠳᠠᠮᠵᠢᠨ ᠶᠠᠳᠠᠭᠤ ᠠᠴᠠ ᠠᠩᠭᠢᠵᠢᠷᠠᠬᠤ ᠶᠢ ᠵᠤᠷᠢᠭᠵᠢᠭᠤᠯᠤᠭᠰᠠᠨ ᠪᠠᠶᠠᠷᠯᠠᠭᠤᠰᠢᠲᠠᠢ ᠶᠠᠪᠤᠳᠠᠯ ᠪᠣᠯᠬᠤᠷ ᠨᠢ ᠡᠨᠡ ᠨᠢ ᠨᠢᠭᠡ ᠵᠦᠢᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠵᠤ ᠪᠠᠶᠢᠭ᠎ᠠ ᠶᠠᠪᠤᠳᠠᠯ ᠪᠣᠯᠬᠤ ᠶᠤᠮ᠃    — ᠪᠣᠳᠠᠰ ᠤᠨ ᠪᠤᠰᠤ ᠰᠣᠶᠣᠯ ᠤᠨ ᠥᠪ ᠢᠶᠠᠷ ᠶᠠᠳᠠᠭᠤ ᠶᠢ ᠲᠡᠳᠬᠦᠬᠦ ᠭᠡᠳᠡᠭ ᠨᠢ ᠦᠨᠡᠨ ᠳᠡᠭᠡᠨ ᠵᠠᠷᠢᠮ ᠤᠯᠠᠮᠵᠢᠯᠠᠯᠲᠤ ᠭᠠᠷ ᠤᠷᠠᠯᠠᠯ ᠵᠡᠷᠭᠡ ᠶᠢ ᠶᠠᠳᠠᠭᠤ ᠬᠦᠴᠢᠷᠳᠡᠯᠲᠡᠢ ᠡᠷᠦᠬᠡ ᠳᠤ ᠲᠦᠭᠡᠮᠡᠯᠵᠢᠭᠦᠯᠵᠦ᠂ ᠶᠠᠳᠠᠭᠤ ᠬᠦᠴᠢᠷᠳᠡᠯᠲᠡᠢ ᠡᠷᠦᠬᠡ ᠶᠢᠨ ᠡᠳᠡᠭᠡᠷ ᠮᠡᠷᠭᠡᠵᠢᠯ ᠢ ᠡᠵᠡᠮᠰᠢᠬᠦ ᠪᠠᠷ ᠳᠠᠮᠵᠢᠨ ᠶᠠᠳᠠᠭᠤ ᠠᠴᠠ ᠠᠩᠭᠢᠵᠢᠷᠠᠬᠤ ᠶᠢ ᠪᠡᠶᠡᠯᠡᠬᠦᠯᠬᠦ ᠶᠠᠪᠤᠳᠠᠯ ᠮᠦᠨ᠃ ᠶᠠᠳᠠᠭᠤ ᠬᠦᠴᠢᠷᠳᠡᠯᠲᠠᠢ ᠡᠷᠦᠬᠡ ᠨᠢ ᠪᠣᠳᠠᠰ ᠤᠨ ᠪᠤᠰᠤ ᠰᠣᠶᠣᠯ ᠤᠨ ᠥᠪ ᠤᠨ ᠲᠠᠯ᠎ᠠ ᠶᠢᠨ ᠶᠠᠮᠠᠷ ᠨᠢᠭᠡᠨ ᠮᠡᠷᠭᠡᠵᠢᠯ ᠢ ᠡᠵᠡᠮᠰᠢᠳᠡᠭ ᠯᠡ ᠶᠤᠮ ᠪᠣᠯ᠂ ᠳᠠᠷᠤᠶ ᠭᠡᠷ ᠲᠡᠭᠡᠨ ᠠᠵᠢᠯ ᠣᠯᠬᠤ ᠪᠠ ᠲᠤᠬᠠᠶ ᠶᠢᠨ ᠭᠠᠵᠠᠷ ᠲᠠᠭᠠᠨ ᠠᠵᠢᠯ ᠣᠯᠬᠤ ᠶᠢ ᠪᠡᠶᠡᠯᠡᠭᠦᠯᠵᠦ ᠪᠤᠯᠤᠨ᠎ᠠ᠂ ᠵᠢᠱᠢᠶᠡᠯᠡᠪᠡᠯ ᠨᠡᠬᠡᠮᠡᠯ᠂ ᠬᠠᠳᠬᠤᠮᠠᠯ᠂ ᠴᠠᠭᠠᠰᠤᠨ ᠬᠠᠶᠢᠴᠢᠯᠠᠮᠠᠯ᠂ ᠮᠣᠩᠭᠤᠯ ᠬᠡᠷ ᠤᠨ ᠪᠠᠷᠢᠯᠭ᠎ᠠ ᠪᠦᠳᠦᠴᠡ ᠶᠢᠨ ᠤᠷ᠎ᠠ ᠮᠡᠷᠭᠡᠵᠢᠯ ᠵᠡᠷᠭᠡ ᠲᠥᠷᠥᠯ ᠵᠦᠢᠯ ᠢ ᠭᠡᠷ ᠲᠡᠭᠡᠨ ᠬᠢᠵᠦ ᠪᠣᠯᠤᠨ᠎ᠠ᠃ ᠪᠠᠰᠠ ᠭᠠᠴᠠᠭ᠎ᠠ ᠪᠤᠶᠤ ᠦᠢᠯᠡᠳᠬᠡᠯ ᠤᠨ ᠭᠠᠵᠠᠷ ᠲᠤ ᠬᠢᠭᠰᠡᠨ ᠴᠦ ᠪᠣᠯᠤᠨ᠎ᠠ᠂ ᠢᠩᠭᠢᠪᠡᠯ ᠶᠡᠭᠡ ᠬᠡᠮᠵᠢᠶᠡᠨ ᠤ ᠠᠵᠢᠯ ᠣᠯᠭᠤᠯᠲᠠ ᠶᠢ ᠰᠢᠢᠳᠪᠦᠷᠢᠯᠡᠵᠦ ᠴᠢᠳᠠᠨ᠎ᠠ ᠭᠡᠵᠦ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᡁᠢ ᠯᠢᠶᠠᠩ ᠶᠠᠷᠢᠯ᠎ᠠ᠃    ᠮᠣᠩᠭᠤᠯ ᠬᠡᠷ ᠤᠨ ᠪᠠᠷᠢᠯᠭ᠎ᠠ ᠶᠢᠨ ᠪᠦᠳᠦᠴᠡ ᠶᠢᠨ ᠤᠷ᠎ᠠ ᠮᠡᠷᠭᠡᠵᠢᠯ ᠤᠨ ᠲᠥᠷᠥᠯ ᠵᠦᠶ᠋ᠯ ᠨᠢ 2017 ᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶ᠋ᠯ ᠤᠨ ᠨᠡᠷᠡᠰ ᠲᠤ ᠵᠢᠭᠰᠠᠭᠠᠭᠳᠠᠪᠠ᠃ ᠮᠣᠩᠭᠤᠯ ᠬᠡᠷ ᠤᠨ ᠪᠠᠷᠢᠯᠭ᠎ᠠ ᠪᠦᠳᠦᠴᠡ ᠶᠢᠨ ᠤᠷ᠎ᠠ ᠮᠡᠷᠭᠡᠵᠢᠯ ᠤᠨ ᠵᠠᠯᠭᠠᠮᠵᠢᠯᠠᠭᠴᠢ ᠸᠠᠩ ᠶᠦᠩ ᠱᠠᠨ ᠪᠠᠭᠠᠷᠢᠨ ᠵᠡᠭᠦᠨ ᠬᠤᠰᠢᠭᠤᠨ ᠳᠤ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠶ᠋ᠯᠡᠳᠬᠦ ᠬᠢᠵᠠᠭᠠᠷᠲᠤ ᠺᠣᠮᠫᠠᠨᠢ ᠶᠢ ᠪᠠᠶᠢᠭᠤᠯᠪᠠ᠃ ᠲᠡᠷᠡ ᠪᠠᠷ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠠᠰᠢᠬᠯᠠ᠂ ᠭᠠᠴᠠᠭᠠᠨ ᠤ ᠪᠠᠨ ᠶᠠᠳᠠᠭᠤ ᠠᠴᠠ ᠠᠩᠭᠢᠵᠢᠷᠠᠭᠤᠯᠬᠤ ᠠᠬᠢᠴᠠ ᠶᠢ ᠲᠦᠷᠭᠡᠳᠬᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠵᠦ᠂ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠭᠰᠡᠨ ᠪᠢᠯᠡ︔ ᠲᠦᠡᠭᠯᠢᠶᠤᠤ ᠬᠤᠳᠡ ᠶᠢᠨ ᠬᠤᠷᠴᠢᠨ ᠲᠤᠭᠤᠷᠢᠭ ᠤᠨ ︽ᠰᠠᠷᠠᠯᠠᠩ ᠭᠠᠷ ᠤᠷᠠᠯᠠᠯ ᠤᠨ ᠪᠦᠲᠦᠭᠡᠭᠳᠡᠬᠦᠨ ᠤ ᠺᠣᠮᠫᠠᠨᠢ︾ ᠨᠢ ᠶᠠᠳᠠᠭᠤ ᠬᠦᠴᠢᠷᠳᠡᠯᠲᠡᠶ ᠡᠷᠦᠬᠡ ᠲᠠᠢ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠣᠭᠲᠠᠵᠤ᠂ ᠶᠠᠳᠠᠭᠤ ᠬᠦᠴᠢᠷᠳᠡᠯᠲᠠᠢ ᠡᠷᠦᠭᠡ ᠶᠢ ᠳᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠪᠡ ᠁    ᠲᠦᠷᠦᠭᠦᠭᠡᠨ᠂ ᠲᠦᠡᠭᠯᠢᠶᠤᠤ ᠬᠤᠲᠠ ᠶᠢᠨ ᠬᠤᠷᠴᠢᠨ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ︽ᠪᠣᠳᠠᠰ ᠤᠨ ᠪᠤᠰᠤ ᠰᠣᠶᠣᠯ ᠢᠶᠠᠷ ᠵᠢᠭᠤᠯᠴᠢᠯᠠᠯ ᠢ ᠬᠦᠭᠵᠢᠬᠦᠯᠵᠦ ᠠᠵᠦ ᠠᠬᠤᠢ ᠶᠢᠨ ᠬᠦᠭᠵᠢᠯᠲᠡ ᠶᠢ ᠲᠠᠶᠢᠴᠢᠯᠠᠬᠤ ︾᠂ ᠰᠢᠷᠢᠰ ᠠᠵᠢᠯᠯᠠᠭ᠎ᠠ ᠶᠢ ᠡᠷᠬᠢᠯᠡᠵᠦ᠂ ᠬᠡᠷᠡᠭᠯᠡᠭᠡ ᠶᠢ ᠬᠥᠭᠵᠢᠭᠡᠪᠡ᠃ ᠲᠣᠰ ᠤᠳᠠᠭᠠᠨ ᠤ ᠰᠢᠷᠢᠰ ᠠᠵᠢᠯᠯᠠᠭ᠎ᠠ ᠨᠢ ︽ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠬᠦ᠂ ᠪᠣᠳᠠᠰ ᠤᠨ ᠪᠤᠰᠤ ᠰᠣᠶᠣᠯ ᠤᠨ ᠥᠪ ᠢ ᠤᠬᠠᠭᠤᠯᠬᠤ︾ ᠬᠡᠯᠪᠡᠷᠢ ᠪᠠᠷ ᠶᠠᠪᠤᠭᠳᠠᠵᠦ᠂ ᠬᠤᠷᠴᠢᠨ ᠲᠣᠭᠤᠷᠢᠭ ᠤᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠶ ᠠᠭᠤᠳᠠᠯᠵᠤ᠂ ᠬᠤᠷᠴᠢᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢᠨ ᠤᠯᠠᠮᠵᠢᠯᠠᠨ ᠵᠠᠯᠭᠠᠮᠵᠢᠯᠠᠬᠤ ᠦᠢᠯᠡᠳᠦᠯᠭᠡ ᠶᠢᠨ ᠴᠢᠳᠠᠪᠤᠷᠢ ᠶᠢ ᠨᠡᠮᠡᠭᠳᠡᠭᠦᠯᠪᠡ᠃ ᠰᠣᠶᠣᠯ ᠤᠨ ᠵᠠᠬ᠎ᠠ ᠳᠡᠯᠭᠡᠭᠦᠷ ᠢ ᠴᠡᠴᠡᠭᠯᠡᠭᠦᠯᠦᠨ ᠬᠥᠭᠵᠢᠭᠦᠯᠵᠦ᠂ ︽ᠪᠣᠳᠠᠰ ᠤᠨ ᠪᠤᠰᠤ ᠰᠣᠶᠣᠯ ᠤᠨ ᠥᠪ ᠤᠨ ᠠᠵᠤ ᠠᠬᠤᠢ︾ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ ᠬᠦᠴᠦᠯᠡᠵᠦ᠂ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠠᠶᠢᠨ᠎ᠠ︔ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠢ ᠴᠠᠬᠠᠷ ᠰᠣᠶᠣᠯ ᠢ ᠠᠭᠤᠳᠠᠯᠬᠤ᠂ ᠬᠠᠮᠠᠭᠠᠯᠠᠬᠤ᠂ ᠤᠯᠠᠮᠵᠢᠯᠠᠬᠤ ᠪᠠ ᠬᠥᠭᠵᠢᠭᠦᠯᠬᠦ ᠶᠢ ᠴᠢᠬᠤᠯᠠᠴᠢᠯᠠᠵᠤ᠂ ᠴᠠᠬᠠᠷ ᠰᠣᠶᠣᠯ ᠢ ᠰᠤᠳᠤᠯᠬᠤ᠂ ᠬᠠᠮᠠᠭᠠᠯᠠᠬᠤ᠂ ᠤᠯᠠᠮᠵᠢᠯᠠᠬᠤ ᠪᠠ ᠠᠵᠤ ᠦᠢᠯᠡᠰᠵᠢᠭᠦᠯᠦᠨ ᠬᠥᠭᠵᠢᠭᠦᠯᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠴᠠᠬᠠᠷ ᠰᠣᠶᠣᠯ ᠤᠨ ᠨᠡᠷᠡᠲᠦ ᠲᠦᠷᠦᠯ ᠲᠡᠮᠳᠡᠭ ᠤᠨ ᠴᠣᠭᠴᠠᠯᠠᠯᠲᠠ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠶᠢᠨ ᠬᠠᠮᠲᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠦᠴᠦᠲᠡᠢ ᠠᠬᠢᠭᠤᠯᠤᠭᠰᠠᠨ ᠪᠠᠶᠢᠨ᠎ᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠣᠳᠣ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 4 ᠪᠠᠶᠢᠵᠤ᠂ ᠬᠤᠲᠠ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 37᠂ ᠬᠤᠰᠢᠭᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ 57 ᠪᠣᠶ᠃ ᠡᠭᠦᠨ ᠳᠤ ᠦᠨᠳᠦᠰᠦᠲᠡᠨ ᠤ ᠬᠤᠪᠴᠠᠰᠤ ᠵᠠᠰᠠᠯ᠂ ᠦᠨᠳᠦᠰᠦᠲᠡᠨ ᠤ ᠭᠠᠷ ᠤᠷᠠᠯᠠᠯ᠂ ᠦᠨᠳᠦᠰᠦᠲᠡᠨ ᠤ ᠳᠠᠭᠤᠤ ᠪᠥᠵᠢᠭ᠂ ᠦᠨᠳᠦᠰᠦᠲᠡᠨ ᠤ ᠢᠳᠡᠭᠡᠨ ᠤᠮᠳᠠᠭᠠᠨ᠂ ᠴᠠᠬᠠᠷ ᠬᠤᠷᠢᠮ ᠤᠨ ᠶᠣᠰᠣᠯᠠᠯ᠂ ᠮᠣᠩᠭᠤᠯ ᠡᠮ ᠡᠮᠨᠡᠯᠭᠡ᠂ ᠨᠠᠭᠠᠳᠤᠮ ᠲᠤᠬᠯᠠᠭᠠᠮ᠂ ᠲᠩᠷᠢ ᠲᠠᠬᠢᠬᠤ᠂ ᠭᠠᠯ ᠲᠠᠬᠢᠬᠤ᠂ ᠣᠪᠣᠭ᠎ᠠ ᠲᠠᠬᠢᠬᠤ ᠵᠡᠷᠭᠡ ᠪᠠᠷ ᠲᠥᠯᠥᠭᠡᠯᠡᠭᠦᠯᠦᠭᠰᠡᠨ ᠪᠣᠳᠠᠰ ᠤᠨ ᠪᠤᠰᠤ ᠰᠢᠯᠢᠳᠡᠭ ᠰᠣᠶᠣᠯ ᠤᠨ ᠥᠪ ᠢ ᠪᠠᠭᠲᠠᠭᠠᠪᠠ᠃ ᠲᠤᠰ ᠬᠤᠰᠢᠭᠤᠨ ᠤ ᠴᠠᠭᠠᠨ ᠣᠪᠣᠭ᠎ᠠ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠶ᠋ᠯᠡᠳᠬᠦ ᠬᠢᠵᠠᠭᠠᠷᠲᠤ ᠺᠣᠮᠫᠠᠨᠢ ᠪᠣᠯ ᠭᠠᠷ ᠤᠷᠠᠯᠠᠯ ᠦᠢᠯᠡᠳᠬᠦ ᠪᠠ ᠪᠣᠷᠣᠯᠠᠭᠤᠯᠬᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ᠎ᠠ᠃ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠥᠯᠥᠭᠡ᠂ 80 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠨᠢᠳᠤᠨᠤᠨ ᠵᠢᠯ ᠤᠨ ᠡᠴᠦᠰ ᠲᠤ ᠭᠠᠴᠠᠭᠠᠨ ᠤ ᠪᠠᠨ ᠬᠠᠮᠲᠤ ᠶᠢᠨ ᠠᠵᠤ ᠠᠬᠤᠶ ᠳᠤ 7.68 ᠲᠦᠮᠡᠨ ᠲᠥᠭᠦᠷᠢᠭ ᠤᠨ ᠠᠰᠢᠭ ᠣᠷᠣᠯᠭ᠎ᠠ ᠤᠯᠭᠤᠪᠠ᠃    ᠤᠯᠠᠮᠵᠢᠯᠠᠯᠲᠤ ᠰᠣᠶᠣᠯ ᠤᠨ ᠠᠵᠤ ᠦᠢᠯᠡᠰᠵᠢᠯᠲᠡ ᠶᠢᠨ ᠬᠥᠭᠵᠢᠯᠲᠡ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠤᠭᠰᠠᠳ ᠲᠤ ᠪᠠᠰᠠ ᠤᠯᠠᠭᠠᠨᠴᠠᠪ ᠤᠨ ᠴᠢᠨᠳᠠᠮᠤᠨᠢ ᠦᠨᠳᠦᠰᠦᠲᠡᠨ ᠤ ᠬᠤᠪᠴᠠᠰᠤ ᠵᠠᠰᠠᠯ ᠦᠢᠯᠡᠳᠬᠦ ᠬᠢᠵᠠᠭᠠᠷᠲᠤ ᠺᠣᠮᠫᠠᠨᠢ ᠪᠤᠢ᠂ ᠴᠠᠬᠠᠷ ᠰᠣᠶᠣᠯ ᠢ ᠬᠠᠮᠠᠭᠠᠯᠠᠨ ᠤᠯᠠᠮᠵᠢᠯᠠᠵᠤ᠂ ᠬᠥᠭᠵᠢᠭᠦᠯᠦᠭᠰᠡᠨ ᠰᠠᠭᠤᠷᠢᠨ ᠳᠡᠭᠡᠷ᠎ᠡ᠂ ᠡᠵᠡᠩᠨᠡᠯᠲᠡ ᠶᠢᠨ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠲᠤᠬᠠᠢ ᠶᠢᠨ ᠭᠠᠵᠠᠷ ᠤᠨ ᠵᠠᠰᠠᠭ ᠣᠨ ᠣᠷᠳᠣᠨ ᠢ ᠬᠠᠪᠰᠤᠷᠤᠨ ᠶᠠᠳᠠᠭᠤ ᠬᠦᠴᠢᠷᠳᠡᠯᠲᠡᠢ ᠬᠥᠮᠦᠨ ᠠᠮᠠ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠠᠢ ᠭᠡᠷ ᠪᠦᠯᠢ ᠶᠢᠨ ᠡᠮᠡᠭᠲᠡᠶᠢᠴᠦᠳ ᠢ ᠬᠠᠪᠰᠤᠷᠤᠨ ᠠᠵᠢᠯ ᠣᠯᠬᠤ ᠠᠰᠠᠭᠤᠳᠠᠯ ᠢ ᠰᠢᠢᠳᠪᠦᠷᠢᠯᠡᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠦᠷᠨᠢᠭᠦᠯᠪᠡ᠃ ᠨᠢᠳᠤᠨᠤᠨ ᠵᠢᠯ ᠳᠤ 120 ᠶᠠᠳᠠᠭᠤ ᠬᠦᠴᠢᠷᠳᠡᠯᠲᠠᠢ ᠭᠡᠷ ᠪᠦᠯᠢ ᠶᠢᠨ ᠡᠮᠡᠭᠲᠡᠶᠢᠴᠦᠳ ᠪᠠ ᠵᠡᠮᠳᠡᠭᠴᠦᠳ ᠲᠤ ᠪᠤᠯᠪᠠᠰᠤᠷᠠᠯ ᠬᠦᠷᠳᠡᠭᠡᠵᠦ 15 ᠠᠵᠢᠯ ᠤᠨ ᠪᠠᠶᠢᠷᠢ ᠬᠠᠩᠭᠠᠪᠠ᠃    2019 ᠣᠨ ᠤ 4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠠᠴᠠ ᠭᠠᠷᠭᠠᠬᠤ ᠪᠠᠷ ᠲᠣᠭᠲᠠᠪᠠ᠃    ᠢᠨᠲ᠋ᠧᠷ ᠰᠦᠯᠵᠢᠶ᠎ᠡ + ᠪᠣᠳᠠᠰ ᠤᠨ ᠪᠤᠰᠤ ᠰᠤᠶᠤᠯ ᠤᠨ ᠥᠪ    ᠰᠦᠯᠵᠢᠶᠡᠨ ᠳᠡᠭᠡᠷᠡᠬᠢ ᠠᠵᠦ ᠠᠬᠤᠢ ᠦᠷᠨᠢᠨ ᠭᠦᠭᠵᠢᠵᠦ ᠪᠠᠶᠢᠭ᠎ᠠ ᠦᠨᠦᠳᠦᠷ᠂ ᠪᠤᠳᠠᠰ ᠤᠨ ᠪᠤᠰᠤ ᠰᠤᠶᠤᠯ ᠤᠨ ᠦᠪ ᠤᠨ ᠪᠦᠲᠦᠭᠡᠭᠳᠡᠭᠦᠨ ᠨᠢ ᠪᠠᠰᠠ ᠰᠦᠯᠵᠢᠶᠡᠨ ᠤ ᠬᠦᠴᠦᠨ ᠳᠤ ᠲᠦᠰᠢᠭᠯᠡᠨ᠂ ᠤᠯᠠᠮᠵᠢᠯᠠᠯ ᠪᠠ ᠴᠠᠭ ᠦᠶ᠎ᠡ ᠶᠢ ᠤᠶᠠᠯᠳᠤᠭᠤᠯᠤᠭᠰᠠᠨ ᠰᠢᠨ᠎ᠡ ᠬᠦᠭᠵᠢᠯᠲᠡ ᠶᠢᠨ ᠵᠠᠮ ᠢ ᠡᠷᠢᠯᠬᠢᠯᠡᠨ᠎ᠡ᠃    6 ᠰᠠᠷ᠎ᠠ ᠶᠢᠨ 13 ᠤ ᠡᠳᠦᠷ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾ ᠤᠨ ᠪᠣᠳᠠᠰ ᠤᠨ ᠪᠤᠰᠤ ᠰᠤᠶᠤᠯ ᠤᠨ ᠥᠪ ᠢ ᠤᠬᠠᠭᠤᠯᠤᠨ ᠳᠡᠯᠭᠡᠨ ᠦᠵᠡᠭᠦᠯᠬᠦ ᠠᠵᠢᠯᠯᠠᠭ᠎ᠠ ᠨᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠡᠬᠢᠯᠡᠪᠡ᠃ ᠠᠵᠢᠯᠯᠠᠭ᠎ᠠ ᠨᠢ ︽ᠪᠤᠳᠠᠰ ᠤᠨ ᠪᠤᠰᠤ ᠰᠤᠶᠤᠯ ᠤᠨ ᠦᠪ ᠢ ᠵᠠᠯᠭᠠᠮᠵᠢᠯᠠᠵᠤ᠂ ᠡᠷᠡᠭᠦᠯ ᠡᠩᠭᠡ ᠠᠮᠢᠳᠤᠷᠠᠯ ᠢ ᠪᠤᠢ ᠪᠤᠯᠭᠠᠬᠤ︾ ᠪᠠᠷ ᠭᠤᠣᠯ ᠰᠡᠳᠦᠪ ᠪᠣᠯᠭᠠᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠥᠪᠡᠷᠲᠡᠭᠡᠨ ᠵᠠᠰᠠᠬᠤ ᠣᠷᠣᠨ ᠤ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠬᠤᠪᠢᠶᠠᠷᠢ ᠥᠷᠲᠡᠭᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠭᠦᠵᠦ ᠠᠵᠢᠯ ᠣᠯᠭᠤᠬᠤ ᠦᠢᠯᠡᠳᠭᠡᠯ ᠤᠨ ᠭᠠᠵᠠᠷ ᠲᠤ ᠫᠠᠶᠢᠰᠠ ᠣᠯᠭᠤᠬᠤ᠂ ᠤᠯᠠᠮᠵᠢᠯᠠᠯᠲᠤ ᠭᠠᠷ ᠤᠷᠠᠯᠠᠯ ᠤᠨ ᠠᠵᠤ ᠠᠬᠤᠶᠢᠯᠠᠯ ᠤᠨ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠣᠷᠣᠵᠤ ᠰᠠᠭᠤᠬᠤ ᠭᠡᠷ᠎ᠡ ᠲᠣᠭᠲᠠᠬᠤ ᠵᠡᠷᠭᠡ ᠠᠵᠢᠯᠯᠠᠭ᠎ᠠ ᠶᠢ ᠥᠷᠨᠢᠭᠦᠯᠪᠡ᠃ ᠡᠭᠦᠨ ᠤ ᠬᠠᠮᠲᠤ᠂ ᠲᠤᠬᠠᠶ ᠶᠢᠨ ᠲᠠᠯᠠᠪᠠᠶ ᠳᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ︽ᠨᠢᠭᠡ ᠬᠠᠤᠯᠢ ᠨᠢᠭᠡ ᠲᠦᠷᠢᠮ︾ ᠤᠨ ᠤᠬᠠᠭᠤᠯᠭ᠎ᠠ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ ᠠᠵᠢᠯᠯᠠᠭ᠎ᠠ ᠶᠠᠪᠤᠭᠳᠠᠪᠠ᠃ ᠠᠵᠢᠯᠯᠠᠭ᠎ᠠ ᠶᠢᠨ ᠬᠤᠭᠤᠴᠠᠭᠠᠨ ᠳᠤ ᠪᠠᠰᠠ ᠪᠤᠳᠠᠰ ᠤᠨ ᠪᠤᠰᠤ ᠰᠤᠶᠤᠯ ᠤᠨ ᠥᠪ ᠢ ᠦᠵᠡᠮᠵᠢ ᠶᠢᠨ ᠣᠷᠣᠨ ᠳᠤ ᠤᠷᠤᠭᠤᠯᠬᠤ ᠶᠢᠨ ᠬᠠᠮᠲᠤ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠳᠤ ᠦᠷᠭᠦᠯᠵᠢᠯᠡᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠤᠷ᠎ᠠ ᠮᠡᠷᠭᠡᠵᠢᠯ ᠤᠨ ᠦᠵᠡᠭᠦᠯᠭᠡ᠂ ᠦᠢᠯᠡᠳᠭᠦᠨ ᠤ ᠪᠣᠷᠣᠯᠠᠭᠤᠯᠭ᠎ᠠ ᠵᠢᠴᠢ ᠪᠤᠰᠤᠳ ᠬᠠᠷᠢᠯᠴᠠᠨ ᠦᠢᠯᠡᠳᠦᠯᠴᠡᠨ ᠰᠣᠯᠢᠯᠴᠠᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠪᠡ᠃    ᠰᠦᠯᠵᠢᠶᠡᠨ ᠳᠡᠭᠡᠷᠡᠬᠢ ᠠᠵᠢᠯᠯᠠᠭ᠎ᠠ ᠨᠢ ᠴᠦ ᠭᠤᠶᠢᠳᠠ ᠰᠠᠶᠢᠬᠠᠨ ᠪᠤᠯᠪᠠ᠃ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ︽ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠷᠠᠭ᠎ᠠ ᠬᠤᠳᠠᠯᠳᠤᠨ ᠠᠪᠬᠤ ᠪᠠᠶᠠᠷ︾ ᠤᠨ ᠰᠢᠭᠤᠳ ᠨᠡᠪᠲᠡᠷᠡᠭᠦᠯᠭᠡ ᠶᠢᠨ ᠰᠠᠷ᠎ᠠ ᠶᠢᠨ ᠠᠵᠢᠯᠯᠠᠭ᠎ᠠ ᠶᠢ ᠡᠬᠢᠯᠡᠭᠦᠯᠵᠦ᠂ ︽ᠥᠪᠥᠷ ᠮᠣᠩᠭᠤᠯ ᠤᠨ ᠪᠣᠳᠠᠰ ᠤᠨ ᠪᠤᠰᠤ ᠰᠤᠶᠤᠯ ᠤᠨ ᠥᠪ ᠤᠨ ᠣᠷᠳᠣᠨ︾ ᠡᠯᠧᠺᠳ᠋ᠷᠣᠨ ᠬᠤᠳᠠᠯᠳᠤᠭᠠᠨ ᠤ ᠲᠠᠪᠴᠠᠩ ᠳᠤ ᠭᠠᠷᠬᠤ ᠶᠣᠰᠣᠯᠠᠯ ᠢ ᠶᠠᠪᠤᠭᠳᠠᠭᠤᠯᠵᠤ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ︽ᠨᠢᠭᠡ ᠭᠠᠵᠠᠷ ᠨᠢᠭᠡ ᠲᠡᠮᠲᠡᠭᠲᠦ︾ ᠲᠤᠰᠬᠠᠶ ᠲᠠᠯᠠᠪᠤᠷ ᠤᠨ ᠰᠢᠭᠤᠳ ᠨᠡᠪᠲᠡᠷᠡᠭᠦᠯᠦᠨ ᠬᠤᠳᠠᠯᠳᠤᠬᠤ ᠶᠢ ᠦᠷᠨᠢᠭᠦᠯᠪᠡ᠃ ︽ᠨᠢᠭᠡ ᠭᠠᠵᠠᠷ ᠨᠢᠭᠡ ᠲᠡᠮᠳᠡᠭᠲᠦ︾ ᠨᠢ ᠥᠪᠥᠷ ᠮᠣᠩᠭᠤᠯ ᠤᠨ 12 ᠠᠶᠢᠮᠠᠭ ᠬᠤᠲᠠ ᠶᠢᠨ 21 ᠪᠣᠳᠠᠰ ᠤᠨ ᠪᠤᠰᠤ ᠰᠤᠶᠤᠯ ᠤᠨ ᠥᠪ ᠤᠨ ᠬᠤᠳᠠᠯᠳᠤᠭᠠᠴᠢᠨ ᠤ 40 ᠭᠠᠷᠤᠶ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠰᠣᠩᠭᠤᠵᠤ᠂ ᠡᠯ᠎ᠡ ᠡᠯᠧᠺᠳ᠋ᠷᠣᠨ ᠬᠤᠳᠠᠯᠳᠤᠭᠠᠨ ᠤ ᠲᠠᠪᠴᠠᠩ ᠳᠤ᠂ ︽ᠦᠢᠯᠡᠳᠬᠦᠨ ᠤ ᠳᠡᠯᠭᠡᠨ ᠪᠣᠷᠣᠯᠠᠭᠤᠯᠤᠯᠲᠠ + ᠰᠣᠶᠣᠯ ᠤᠨ ᠳᠡᠯᠭᠡᠷᠡᠭᠦᠯᠦᠯᠲᠡ︾ ᠶᠢᠨ ᠵᠠᠭᠪᠤᠷ ᠢᠶᠠᠷ ᠳᠠᠮᠵᠢᠭᠤᠯᠤᠨ᠂ ᠥᠪᠥᠷ ᠮᠣᠩᠭᠤᠯ ᠤᠨ ᠲᠥᠯᠥᠭᠡᠯᠡᠬᠦ ᠴᠢᠨᠠᠷᠲᠠᠶ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠦᠨ ᠢ ᠪᠤᠷᠤᠯᠠᠭᠤᠯᠵᠤ᠂ ᠥᠪᠥᠷ ᠮᠣᠩᠭᠤᠯ ᠤᠨ ᠰᠢᠯᠢᠳᠡᠭ ᠤᠯᠠᠮᠵᠢᠯᠠᠯᠲᠤ ᠰᠣᠶᠣᠯ ᠢ ᠤᠬᠠᠭᠤᠯᠪᠠ    ᠰᠢᠭᠤᠳ ᠨᠡᠪᠲᠡᠷᠡᠭᠦᠯᠦᠨ ᠪᠣᠷᠣᠯᠠᠭᠤᠯᠬᠤ ᠦᠢᠯᠡᠳᠭᠦᠨ ᠨᠢ ᠤᠯᠠᠮᠵᠢᠯᠠᠯᠲᠤ ᠭᠠᠷ ᠤᠷᠠᠯᠠᠯ᠂ ᠢᠳᠡᠭᠡᠨ ᠤᠮᠳᠠᠭᠠᠨ ᠤ ᠲᠦᠷᠦᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠵᠢᠴᠢ ᠪᠤᠳᠠᠰ ᠤᠨ ᠪᠤᠰᠤ ᠰᠤᠶᠤᠯ ᠤᠨ ᠦᠪ ᠤᠨ ᠪᠦᠲᠦᠭᠡᠭᠳᠡᠭᠦᠨ ᠵᠡᠷᠭᠡ ᠥᠪᠥᠷ ᠮᠣᠩᠭᠤᠯ ᠤᠨ ᠣᠨᠴᠠᠯᠢᠭ ᠲᠠᠢ 50 ᠭᠠᠷᠤᠶ ᠵᠦᠢᠯ ᠤᠨ ᠪᠤᠳᠠᠰ ᠤᠨ ᠪᠤᠰᠤ ᠦᠢᠯᠡᠳᠭᠦᠨ ᠢ ᠰᠦᠯᠵᠢᠶᠡᠨ ᠳᠤ ᠰᠢᠭᠤᠳ ᠨᠡᠪᠲᠡᠷᠡᠭᠦᠯᠦᠨ ᠪᠤᠷᠤᠯᠠᠭᠤᠯᠪᠠ᠃ ᠪᠠᠰᠠ ᠥᠪᠥᠷ ᠮᠣᠩᠭᠤᠯ ᠤᠨ ᠤᠯᠠᠮᠵᠢᠯᠠᠯᠲᠤ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ᠂ ᠥᠪᠥᠷ ᠮᠤᠩᠭᠤᠯ ᠤᠨ ᠣᠨᠴᠠᠯᠢᠭ ᠲᠠᠢ ᠬᠠᠳᠬᠤᠮᠠᠯ ᠤᠷᠠᠯᠢᠭ ᠤᠨ ᠦᠵᠡᠰᠬᠦᠯᠡᠩ ᠵᠡᠷᠭᠡ ᠣᠯᠠᠨ ᠶᠠᠩᠵᠤ ᠶᠢᠨ᠂ ᠬᠠᠷᠢᠯᠴᠠᠨ ᠬᠦᠳᠡᠯᠦᠯᠴᠡᠬᠦ ᠴᠢᠨᠠᠷ ᠢᠶᠠᠷ ᠴᠢᠩᠭ᠎ᠠ ᠰᠦᠯᠵᠢᠶᠡᠨ ᠳᠡᠭᠡᠷᠡᠬᠢ ᠠᠵᠢᠯᠯᠠᠭ᠎ᠠ ᠨᠢ ᠢᠳᠡ ᠭᠦᠭ ᠲᠠᠢ ᠦᠷᠬᠦᠯᠵᠢᠯᠡᠨ᠎ᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠰᠢᠶᠡᠳᠤ ᠴᠢᠨ ᠸᠠᠩ ᠤᠨ ᠤᠷᠳᠤᠨ ᠤ ᠵᠡᠬᠦᠨ ᠬᠦᠷᠢᠶᠠᠨ ᠳᠤ ᠪᠤᠳᠠᠰ ᠤᠨ ᠪᠤᠰᠤ ᠰᠤᠶᠤᠯ ᠤᠨ ᠦᠪ ᠤᠨ ᠪᠡᠶᠡᠴᠢᠯᠠᠨ ᠤᠢᠢᠯᠠᠭᠠᠬᠤ ᠤᠷᠤᠨ ᠳᠤ ᠲᠤᠬᠯᠠᠯᠳᠠ ᠭᠠᠷᠭᠠᠬᠤ᠂ ᠲᠡᠯᠬᠡᠨ ᠦᠵᠡᠬᠦᠯᠬᠦ᠂ ᠪᠤᠷᠤᠯᠠᠭᠤᠯᠬᠤ ᠶᠢ ᠨᠢᠬᠡ ᠴᠤᠬᠴᠡᠵᠢᠭᠤᠯᠵᠥ᠂ ᠤᠷᠤᠨ ᠤ ᠲᠡᠰ ᠤᠨ ᠮᠤᠩᠭᠤᠯ ᠦᠨᠳᠦᠰᠦᠳᠡᠨ ᠤ ᠦᠯᠢᠬᠡᠷ ᠤᠷᠠᠯᠢᠭ ᠰᠤᠶᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠢ ᠤᠯᠤᠰ ᠤᠨ ᠲᠡᠰ ᠤᠨ ᠪᠤᠯᠭᠠᠨ ᠲᠡᠰ ᠲᠡᠪᠰᠢᠬᠦᠯᠵᠦ᠂ ᠲᠦᠰᠢᠶᠡᠳᠤ ᠸᠠᠩ ᠤᠨ ᠤᠷᠳᠤᠨ ᠤ ᠤᠷᠠᠨ ᠬᠠᠳᠬᠤᠮᠠᠯ ᠤᠨ ᠪᠤᠳᠠᠰ ᠤᠨ ᠪᠤᠰᠤ ᠰᠤᠶᠤᠯ ᠤᠨ ᠦᠪ ᠤᠨ ᠶᠠᠳᠠᠭᠤ ᠶᠢ ᠲᠡᠳᠬᠦᠵᠦ ᠠᠵᠢᠯ ᠤᠯᠭᠤᠬᠤ ᠭᠠᠵᠠᠷ ᠪᠠᠶᠢᠭᠤᠯᠪᠠ︔ ᠠᠩᠬᠠᠳᠤᠭᠠᠷ ᠬᠤᠭᠤᠴᠠᠭᠠᠨ ᠤ ᠤᠰᠤᠨ ᠲᠤᠳᠤᠷᠭ᠎ᠠ ᠶᠢᠨ ᠴᠢᠬᠢ ᠰᠠᠭᠤᠯᠭᠠᠬᠤ ᠨᠠᠶᠢᠷ ᠢ ᠠᠮᠵᠢᠯᠲᠠ ᠲᠠᠢ ᠡᠷᠬᠢᠯᠡᠵᠦ᠂ ᠴᠢᠬᠢ ᠰᠠᠭᠤᠯᠭᠠᠬᠤ ᠤᠷᠤᠯᠳᠤᠭᠠᠨ᠂ ᠲᠠᠷᠢᠶᠠᠯᠠᠩ ᠤᠨ ᠦᠢᠯᠡᠳᠬᠦᠨ ᠤ ᠰᠤᠶᠤᠯ ᠵᠢᠭᠤᠯᠴᠢᠯᠠᠯ ᠤᠨ ᠲᠠᠸᠠᠷ ᠤᠨ ᠲᠡᠯᠬᠡᠨ ᠦᠵᠡᠬᠦᠯᠬᠡ᠂ ᠡᠬᠦᠯᠡᠨ ᠰᠢᠭᠤᠳ ᠨᠡᠪᠳᠡᠷᠡᠬᠦᠯᠬᠡ ᠶᠢᠨ ᠤᠬᠠᠭᠤᠯᠭ᠎ᠠ ᠪᠠᠷ ︽ᠲᠠᠷᠢᠶᠠᠯᠠᠩ + ᠰᠤᠶᠤᠯ + ᠵᠢᠭᠤᠯᠴᠢᠯᠠᠯ + ᠪᠡᠶ᠎ᠠ ᠶᠢᠨ ᠲᠠᠮᠢᠷ︾ ᠤᠨ ᠵᠠᠬᠪᠤᠷ ᠢᠶᠠᠷ ᠵᠢᠭᠤᠯᠴᠢᠯᠠᠯ ᠤᠨ ᠦᠢᠯᠡᠰ ᠢᠶᠠᠨ ᠨᠡᠩ ᠬᠦᠭᠵᠢᠶᠡᠨ ᠲᠠᠢ ᠪᠤᠯᠭᠠᠪᠠ᠃    ᠪᠤᠳᠠᠰ ᠤᠨ ᠪᠤᠰᠤ ᠰᠤᠶᠤᠯ ᠤᠨ ᠦᠪ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠨᠢ ︽ᠰᠤᠶᠤᠯ + ᠵᠠᠬ᠎ᠠ ᠳᠡᠯᠭᠡᠭᠦᠷ︾ ᠤᠨ ᠤᠷᠤᠰᠢᠨ ᠲᠤᠭᠲᠠᠨᠢᠵᠦ ᠬᠦᠭᠵᠢᠬᠦ ᠳᠤ ᠴᠤ᠋ ᠰᠢᠨ᠎ᠡ ᠲᠠᠪᠴᠠᠩ ᠬᠠᠨᠭ᠍ᠭᠠᠯ᠎ᠠ᠃    ᠪᠤᠳᠠᠰ ᠤᠨ ᠪᠤᠰᠤ ᠰᠤᠶᠤᠯ + ᠨᠡᠶᠢᠭᠡᠮ ᠲᠤᠭᠤᠷᠢᠭ ᠰᠤᠷᠭᠠᠭᠤᠯᠢ ᠶᠢᠨ ᠬᠦᠷᠢᠶ᠎ᠡ    ᠦᠢᠷ᠎ᠡ ᠶᠢᠨ ᠵᠢᠯ ᠳᠤ᠂ ᠮᠠᠨ ᠤ ᠣᠷᠣᠨ ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠪᠣᠳᠠᠰ ᠤᠨ ᠪᠤᠰᠤ ᠰᠣᠶᠣᠯ ᠤᠨ ᠥᠪ ᠢ ᠨᠡᠶᠢᠭᠡᠮ ᠲᠣᠭᠤᠷᠢᠭ ᠲᠤ ᠣᠷᠣᠭᠤᠯᠬᠤ ᠵᠡᠷᠭᠡ ᠰᠢᠷᠢᠰ ᠦᠵᠡᠭᠦᠯᠭᠡ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠤᠨ ᠵᠦᠶ᠋ᠯᠡᠰ ᠤᠨ ᠬᠠᠮᠠᠭᠠᠯᠠᠯᠲᠠ ᠶᠢ ᠭᠦᠨᠵᠡᠭᠡᠶᠢᠷᠡᠭᠦᠯᠪᠡ᠃    2006 ᠣᠨ ᠤ 5 ᠰᠠᠷ᠎ᠠ ᠶᠢᠨ 20 ᠤ ᠡᠳᠦᠷ᠂ ᠮᠣᠩᠭᠤᠯ ᠦᠨᠳᠦᠰᠦᠲᠡᠨ ᠤ ᠠᠨᠳᠠᠢ ᠪᠥᠵᠢᠭ ᠢ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠠᠩᠬᠠᠨ ᠤ ᠪᠦᠯᠦᠭ ᠤᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠰᠠᠭᠠᠯᠲᠠ ᠳᠤ ᠣᠷᠣᠭᠤᠯᠤᠭᠰᠠᠨ ᠪᠠᠶᠢᠨ᠎ᠠ᠃ ᠮᠤᠩᠭᠤᠯ ᠰᠤᠷᠭᠠᠭᠤᠯᠢ ᠠᠨᠳᠠᠢ ᠪᠦᠵᠢᠭ ᠢ ᠤᠯᠠᠮᠵᠢᠯᠠᠨ ᠳᠡᠯᠭᠡᠷᠡᠭᠦᠯᠵᠦ ᠪᠠᠶᠢᠭ᠎ᠠ ᠨᠢ ᠰᠤᠷᠭᠠᠭᠤᠯᠢ ᠶᠢᠨ ᠬᠦᠷᠢᠶᠡᠨ ᠤ ᠰᠢᠨ᠎ᠡ ᠨᠢᠭᠡᠨ ᠦᠵᠡᠮᠵᠢ ᠪᠤᠯᠵᠦ ᠤᠯᠠᠨ ᠤ ᠠᠩᠬᠠᠷᠤᠯ ᠳᠤ ᠬᠦᠷᠦᠨ᠎ᠠ᠃ ᠤᠳᠤᠬᠠᠨ ᠳᠤ᠂ ᠠᠨᠳᠠᠢ ᠪᠦᠵᠢᠭ ᠨᠢ ᠪᠦᠬᠦ ᠤᠷᠤᠨ ᠤ ᠬᠡᠪᠴᠢᠶᠡᠨ ᠳᠠᠬᠢ ᠬᠦᠬᠡᠬᠤᠲᠡ ᠶᠢᠨ ᠮᠤᠩᠭᠤᠯ ᠦᠨᠳᠦᠰᠦᠲᠡᠨ ᠤ ᠲᠤᠷᠰᠢᠯᠲᠡ ᠶᠢᠨ ᠳᠤᠮᠳᠠᠳᠤ ᠰᠤᠷᠭᠠᠭᠤᠯᠢ᠂ ᠦᠤᠰᠢᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠵᠡᠭᠦᠨᠭᠠᠷ ᠬᠤᠰᠢᠭᠤᠨ ᠤ ᠮᠤᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠵᠡᠷᠭᠡ ᠶᠢ ᠪᠠᠭᠲᠠᠭᠠᠭᠰᠠᠨ 22 ᠰᠤᠷᠭᠠᠭᠤᠯᠢ ᠳᠤ ᠲᠦᠭᠡᠮᠡᠯᠵᠢᠵᠦ᠂ ᠨᠡᠶᠢᠲᠡ 5 ᠲᠦᠮᠡ ᠭᠠᠷᠤᠢ ᠮᠤᠩᠭᠤᠯ ᠰᠤᠷᠤᠭᠴᠢ ᠶᠢ ᠬᠠᠮᠤᠷᠤᠭᠰᠠᠨ ᠪᠠᠶᠢᠨ᠎ᠠ᠃    — ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠦ᠂ ᠰᠤᠷᠤᠭᠴᠢᠳ ᠤᠨ ᠤᠯᠠᠮᠵᠢᠯᠠᠯᠲᠤ ᠦᠨᠳᠦᠰᠦᠲᠡᠨ ᠤ ᠰᠣᠶᠣᠯ ᠢ ᠰᠤᠷᠤᠯᠴᠠᠬᠤ᠂ ᠰᠤᠷᠤᠭᠴᠢᠳ ᠤᠨ ᠣᠯᠠᠨ ᠡᠰᠢᠲᠦ ᠬᠥᠭᠵᠢᠯᠲᠡ ᠶᠢ ᠬᠥᠲᠥᠯᠥᠨ ᠵᠢᠯᠤᠭᠤᠳᠬᠤ ᠶᠢᠨ ᠲᠦᠯᠦᠭᠡ ᠵᠡᠭᠦᠨᠭᠠᠷ ᠬᠤᠰᠢᠭᠤᠨ ᠤ ᠮᠣᠩᠭᠤᠯ ᠰᠤᠷᠭᠠᠭᠤᠯᠢ ᠳᠤ ᠬᠠᠭᠠᠰ ᠰᠠᠷ᠎ᠠ ᠭᠦᠨᠵᠡᠭᠡᠶᠢᠷᠡᠨ᠂ ᠰᠤᠷᠤᠭᠴᠢᠳ ᠲᠠᠢ ᠬᠠᠮᠲᠤ ᠢᠳᠡᠵᠦ ᠤᠤᠭᠤᠵᠤ ᠬᠠᠮᠲᠤ ᠰᠠᠭᠤᠵᠤ᠂ ᠡᠳᠦᠷ ᠪᠦᠷᠢ ᠶᠢᠨ ᠲᠠᠮᠢᠷ ᠤᠨ ᠬᠢᠴᠢᠶᠡᠯ ᠤᠨ ᠴᠠᠭ ᠢ ᠠᠰᠢᠭᠯᠠᠨ ᠵᠢᠭᠠᠨ ᠰᠤᠷᠭᠠᠯᠲᠠ ᠬᠢᠵᠦ᠂ ᠰᠤᠷᠤᠭᠴᠢᠳ ᠲᠤ ᠨᠢᠭᠡ ᠢᠵᠢ ᠪᠦᠷᠢᠨ ᠪᠦᠲᠦᠨ ᠠᠨᠳᠠᠢ ᠪᠦᠵᠢᠭ ᠤᠨ ᠠᠶᠢᠵᠠᠮ ᠴᠣᠬᠢᠯᠭ᠎ᠠ ᠲᠠᠢ ᠬᠢᠴᠢᠶᠡᠯ ᠤᠨ ᠵᠠᠪᠰᠠᠷᠯᠠᠭ᠎ᠠ ᠶᠢᠨ ᠲᠠᠮᠢᠷ ᠢ ᠡᠵᠡᠮᠰᠢᠭᠦᠯᠪᠡ ᠭᠡᠵᠦ ᠰᠣᠶᠣᠯ ᠤᠨ ᠰᠠᠶᠢᠨ ᠳᠤᠷ᠎ᠠ ᠶᠢᠨ ᠠᠵᠢᠯᠯᠠᠭᠴᠢ ᠵᠢᠷᠭᠠᠯ ᠶᠠᠷᠢᠵᠦ ᠪᠠᠶᠢᠯ᠎ᠠ᠃    ᠤᠷᠴᠢᠮᠬᠠᠨ ᠪᠤᠳᠠᠰ ᠤᠨ ᠪᠤᠰᠤ ᠰᠤᠶᠤᠯ ᠤᠨ ᠠᠮᠢᠳᠤᠷᠠᠯ ᠳᠤ ᠠᠭᠤᠰᠤᠯᠴᠠᠬᠤ ᠶᠢ ᠲᠦᠯᠬᠢᠨ ᠠᠬᠢᠭᠤᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ ᠠᠴᠢ ᠬᠤᠯᠪᠤᠭᠳᠠᠯ ᠪᠦᠬᠦᠢ ᠠᠵᠢᠯᠯᠠᠭ᠎ᠠ ᠤᠳ ᠨᠡᠶᠢᠭᠡᠮ ᠲᠤᠭᠤᠷᠢᠭ ᠲᠤ ᠬᠦᠨᠵᠡᠭᠡᠶᠢᠷᠡᠨ᠂ ᠪᠤᠳᠠᠰ ᠤᠨ ᠪᠤᠰᠤ ᠰᠤᠶᠤᠯ ᠤᠨ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠎ᠠ᠃    ᠲᠥᠪ ᠬᠤᠲᠠ ᠶᠢᠨ ᠰᠥᠨᠢ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠳᠠᠮᠵᠢᠵᠤ᠂ ᠰᠥᠨᠢ ᠶᠢᠨ ᠠᠵᠤ ᠠᠬᠤᠶ ᠶᠢ ᠠᠮᠢᠳᠤᠯᠢᠭ ᠪᠣᠯᠭᠠᠵᠤ᠂ ᠵᠠᠬ᠎ᠠ ᠳᠡᠯᠭᠡᠭᠦᠷ ᠢ ᠬᠦᠭᠵᠢᠭᠡᠨ᠂ ᠶᠠᠳᠠᠭᠤ ᠶᠢ ᠲᠡᠳᠬᠦᠬᠦ ᠦᠢᠯᠡᠳᠬᠦᠨ ᠳᠤ ᠰᠢᠨ᠎ᠡ ᠪᠣᠷᠣᠯᠠᠭᠤᠯᠭ᠎ᠠ ᠶᠢᠨ ᠠᠷᠭ᠎ᠠ ᠵᠠᠮ ᠤᠯᠭᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠥᠪᠥᠷ ᠮᠣᠩᠭᠤᠯ ᠤᠨ ᠨᠡᠷ᠎ᠡ ᠶᠢᠨ ᠬᠠᠭᠤᠳᠠᠰᠤ ᠶᠢ ᠡᠭᠦᠳᠬᠦ ᠪᠠᠷ ᠵᠤᠷᠢᠯᠲᠠ ᠪᠠᠨ ᠪᠤᠯᠭᠠᠬᠰᠠᠨ ᠦᠪᠦᠷ ᠮᠤᠩᠭᠤᠯ ᠤᠨ ᠲᠠᠭᠤᠤ ᠬᠦᠭᠵᠢᠮ ᠢ ᠰᠤᠨᠢᠷᠬᠠᠨ᠂ ᠦᠪᠦᠷ ᠮᠤᠩᠭᠤᠯ ᠤᠨ ᠤᠬᠢ ᠠᠮᠳᠠ ᠶᠢ ᠠᠮᠳᠠᠯᠠᠨ᠂ ᠦᠪᠦᠷ ᠮᠤᠩᠭᠤᠯ ᠤᠨ ᠰᠠᠶᠢᠨ ᠪᠠᠷᠠᠭ᠎ᠠ ᠶᠢ ᠬᠤᠳᠠᠯᠳᠤᠨ ᠠᠪᠬᠤ ᠠᠩᠬᠠᠳᠤᠭᠠᠷ ᠬᠤᠭᠤᠴᠠᠭᠠᠨ ᠤ ᠬᠦᠬᠡᠬᠤᠳᠠ ᠶᠢᠨ ᠲᠠᠯ᠎ᠠ ᠶᠢᠨ ᠤᠶᠠᠩᠭ᠎ᠠ ᠲᠠᠩᠰᠤᠬ ᠢᠳᠡᠭᠡᠨ ᠤ ᠨᠠᠶᠢᠷ ᠤᠢᠢᠷ᠎ᠠ ᠳᠤ ᠬᠦᠬᠡᠬᠤᠳᠠ ᠳᠤ ᠡᠬᠢᠯᠠᠯ᠎ᠠ᠃    ᠬᠦᠬᠡᠬᠤᠳᠠ ᠶᠢᠨ ᠲᠠᠯ᠎ᠠ ᠶᠢᠨ ᠤᠶᠠᠩᠭ᠎ᠠ ᠲᠠᠩᠰᠤᠬ ᠢᠳᠡᠭᠡᠨ ᠤ ᠨᠠᠶᠢᠷ ᠨᠢ ᠪᠤᠰᠢᠭᠤ ᠭᠠᠷ᠂ ᠰᠢᠨ ᠯᠠᠩ᠂ ᠴᠤᠤᠷᠢᠶ᠎ᠠ ᠵᠡᠷᠭᠡ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠲᠠᠮᠵᠢᠭᠤᠯᠤᠨ᠂ ᠴᠠᠭᠠᠨ ᠢᠳᠡᠭᠡᠨ᠂ ᠮᠤᠩᠭᠤᠯ ᠬᠤᠪᠴᠠᠰᠤ ᠵᠠᠰᠠᠯ᠂ ᠮᠤᠷᠢᠨ ᠬᠤᠭᠤᠷ᠂ ᠴᠠᠭᠠᠰᠤᠨ ᠬᠠᠶᠢᠴᠢᠯᠠᠮᠠᠯ ᠵᠡᠷᠭᠡ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠪᠠ ᠭᠠᠷ ᠤᠷᠠᠯᠠᠯ ᠤᠨ ᠪᠦᠳᠦᠭᠡᠭᠳᠡᠭᠦᠨ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠭᠦᠨ ᠢ ᠪᠤᠷᠤᠯᠠᠭᠤᠯᠵᠦ᠂ ᠭᠤᠷᠪᠠᠨ ᠴᠠᠬ ᠤᠨ ᠰᠢᠭᠤᠳ ᠨᠡᠪᠲᠡᠷᠡᠭᠦᠯᠭᠡ ᠪᠠᠷ ᠲᠠᠮᠵᠢᠨ᠂ ᠨᠡᠶᠢᠲᠡ 3 ᠲᠦᠮᠡᠨ ᠵᠠᠬᠢᠶᠠᠯᠠᠭ᠎ᠠ ᠶᠢᠨ ᠬᠠᠭᠤᠳᠠᠰᠤ ᠲᠤᠰᠴᠤ᠂ ᠵᠠᠬᠢᠶᠠᠯᠠᠭ᠎ᠠ ᠶᠢᠨ ᠶᠡᠷᠦᠩᠭᠡᠢ ᠭᠡᠮᠵᠢᠶ᠎ᠠ 100 ᠭᠠᠷᠤᠶ ᠲᠦᠮᠡᠨ ᠲᠦᠭᠦᠷᠢᠭ ᠲᠤ ᠬᠦᠷᠴᠡᠶ᠃    ᠪᠣᠳᠠᠰ ᠤᠨ ᠪᠤᠰᠤ ᠰᠣᠶᠣᠯ ᠪᠠ ᠰᠣᠶᠣᠯ ᠤᠨ ᠪᠦᠲᠦᠭᠡᠭᠳᠡᠭᠦᠨ ᠢᠶᠠᠷ ᠰᠥᠨᠢ ᠶᠢᠨ ᠠᠵᠤ ᠠᠬᠤᠶ ᠶᠢ ᠬᠦᠭᠵᠢᠭᠡᠨ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠡᠷᠡᠭᠯᠡᠭᠡ ᠶᠢ ᠳᠠᠶᠢᠴᠢᠯᠠᠨ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃    ᠤᠢᠢᠯᠠᠭᠠᠭᠰᠠᠨ ᠢᠶᠠᠷ᠂ ᠦᠢᠷ᠎ᠡ ᠶᠢᠨ ᠵᠢᠯ ᠳᠤ᠂ ᠮᠠᠨ ᠤ ᠣᠷᠣᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠤᠨ ᠤᠯᠠᠮᠵᠢᠯᠠᠨ ᠵᠠᠯᠭᠠᠮᠵᠢᠯᠠᠭᠴᠢ ᠶᠢ ᠵᠣᠬᠢᠶᠠᠨ ᠪᠠᠶᠢᠭᠤᠯᠤᠨ ᠰᠤᠷᠭᠠᠭᠤᠯᠢ ᠪᠠ ᠨᠡᠶᠢᠭᠡᠮ ᠲᠤᠭᠤᠷᠢᠭ ᠲᠤ ᠣᠷᠤᠭᠤᠯᠵᠤ᠂ ᠤᠯᠠᠮᠵᠢᠯᠠᠨ ᠰᠤᠷᠬᠤ ᠠᠵᠢᠯᠯᠠᠭ᠎ᠠ ᠤᠯᠠᠨ ᠤᠳᠠᠭ᠎ᠠ ᠦᠷᠨᠢᠭᠦᠯᠪᠡ᠃ ᠡᠨᠡ ᠵᠢᠯ ᠨᠡᠶᠢᠲᠡ 20 ᠲᠠᠯᠠᠪᠠᠶ ᠰᠢᠬᠠᠮ ᠤᠳᠠᠭ᠎ᠠ ᠥᠷᠨᠢᠭᠦᠯᠵᠦ᠂ ᠵᠠᠯᠭᠠᠭᠠᠳ ᠰᠠᠷ᠎ᠠ ᠪᠦᠷᠢ ᠪᠠᠰᠠ ᠨᠢᠭᠡ ᠤᠳᠠᠭ᠎ᠠ ᠪᠣᠳᠠᠰ ᠤᠨ ᠪᠤᠰᠤ ᠰᠣᠶᠣᠯ ᠤᠨ ᠥᠪ ᠤᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠥᠷᠨᠢᠭᠦᠯᠬᠦ ᠪᠠᠷ ᠲᠥᠯᠥᠪᠯᠡᠵᠦ ᠪᠠᠶᠢᠨ᠎ᠠ᠃    ᠪᠣᠳᠠᠰ ᠤᠨ ᠪᠤᠰᠤ ᠰᠣᠶᠣᠯ ᠤᠨ ᠬᠠᠮᠠᠭᠠᠯᠠᠯᠲᠠ ᠪᠠ ᠤᠯᠠᠮᠵᠢᠯᠠᠯ ᠨᠢ ᠵᠠᠬ᠎ᠠ ᠳᠡᠯᠭᠡᠭᠦᠷ ᠤᠨ ᠠᠵᠦ ᠠᠬᠤᠢ ᠶᠢ ᠴᠡᠴᠡᠭᠯᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠂ ᠠᠷᠠᠳ ᠲᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠬᠤ᠂ ᠠᠮᠢᠳᠤᠷᠠᠯ ᠤᠨ ᠵᠤᠯ ᠵᠢᠷᠭᠠᠯᠳᠦ᠂ ᠬᠦᠷᠳᠡᠮᠵᠢ ᠶᠢᠨ ᠲᠦᠷᠦᠭᠳᠡᠯ ᠢ ᠳᠡᠭᠡᠭᠰᠢᠯᠡᠬᠦᠯᠬᠦ ᠵᠡᠷᠭᠡ ᠨᠡᠶᠢᠭᠡᠮ ᠤᠨ ᠠᠮᠢᠳᠤᠷᠠᠯ ᠤᠨ ᠡᠯ᠎ᠡ ᠬᠦᠷᠢᠶᠡᠨ ᠳᠤ ᠦᠷᠦᠬᠡᠯ ᠪᠤᠰᠤᠳ ᠢᠶᠠᠷ ᠤᠷᠤᠯᠠᠭᠤᠯᠵᠤ ᠦᠯᠦ ᠪᠤᠯᠬᠤ ᠦᠪᠡᠷ ᠤᠨ ᠦᠷᠳᠡᠭ ᠢᠶᠠᠨ ᠪᠠᠳᠠᠷᠠᠭᠤᠯᠤᠭᠰᠠᠭᠠᠷ᠃                  ᠵᠣᠬᠢᠶᠠᠭᠴᠢ᠄  ᠨᠠᠷᠠᠨᠲᠤᠩᠭᠠᠯᠠᠭ
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ