ᠮᠠᠨ ᠤ ᠬᠤᠳᠠ ᠶᠢᠨ ᠡᠨᠡ ᠡᠪᠦᠯ ᠤᠨ ᠮᠦᠰᠦ ᠴᠠᠰᠤᠨ ᠤ ᠵᠤᠭᠠᠴᠠᠯ ᠤᠨ ᠲᠦᠷᠪᠡᠨ ᠵᠠᠮ ᠱᠤᠭᠤᠮ ᠨᠢᠬᠡᠨᠳᠡ ᠲᠤᠳᠤᠷᠬᠠᠢ ᠪᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2020/12/14
   ᠮᠠᠨ ᠤ ᠬᠤᠳᠠ ᠮᠦᠩᠬᠦᠨ ᠴᠠᠭᠠᠨ ᠡᠪᠦᠯ ᠬᠦᠷᠴᠦ ᠢᠷᠡᠬᠦ ᠶᠢ ᠲᠠᠭᠠᠯᠳᠤᠨ ᠮᠦᠰᠦ ᠴᠠᠰᠤᠨ ᠤ ᠵᠤᠭᠠᠴᠠᠯ ᠤᠨ ᠵᠠᠮ ᠱᠤᠭᠤᠮ ᠢ ᠰᠢᠭᠤᠶᠢᠳᠤ ᠤᠷᠤᠨ ᠢᠶᠠᠷ ᠲᠤᠬᠢᠷᠠᠭᠤᠯᠵᠤ᠂ ᠬᠠᠶᠢᠯᠠᠷ ᠠᠴᠠ ᠶᠠᠭᠰᠢ ᠶᠢ ᠲᠠᠭᠠᠷᠢᠵᠤ ᠵᠠᠯᠠᠨ ᠠᠶᠢᠯ ᠤᠨ ᠮᠦᠰᠦ ᠴᠠᠰᠤᠨ ᠤ ᠵᠤᠭᠠᠴᠠᠯ ᠳᠤ ᠮᠤᠷᠳᠠᠬᠤ ᠳᠤ ᠪᠡᠯᠡᠨ ᠪᠤᠯᠭᠠᠵᠤ ᠪᠤᠢ᠃ ᠡᠨᠡ ᠬᠦ ᠭᠤᠷᠪᠠᠨ ᠭᠠᠵᠠᠷ ᠨᠢ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠮᠦᠰᠦ ᠴᠠᠰᠤᠨ ᠤ ᠲᠦᠷᠦᠯ ᠵᠦᠢᠯ ᠤᠨ ᠤᠷᠤᠯᠳᠤᠭᠠᠨ ᠤ ᠭᠤᠤᠯ ᠲᠠᠯᠠᠪᠤᠷ ᠪᠠᠶᠢᠵᠤ᠂ ᠭᠤᠤᠯᠳᠠᠭᠤ ᠶᠡᠭᠡ ᠬᠢᠩᠭᠠᠨ ᠲᠠᠪᠠᠭᠠᠨ ᠤ ᠴᠠᠰᠤᠳᠤ ᠴᠠᠭᠠᠨ ᠤᠢ ᠪᠠᠷ ᠲᠤᠭᠤᠷᠢᠨ ᠵᠤᠭᠠᠴᠠᠵᠤ᠂ ᠮᠦᠰᠦ ᠴᠠᠰᠤᠨ ᠤ ᠪᠡᠶ᠎ᠡ ᠶᠢᠨ ᠲᠠᠮᠢᠷ ᠤᠨ ᠤᠷᠤᠯᠳᠤᠭᠠᠨ᠂ ᠮᠦᠰᠦ ᠴᠠᠰᠤᠨ ᠲᠡᠬᠡᠷ᠎ᠠ ᠮᠠᠰᠢᠨ ᠲᠡᠷᠭᠡ ᠵᠢᠯᠤᠭᠤᠳᠬᠤ ᠵᠡᠷᠭᠡ ᠲᠦᠷᠦᠯ ᠵᠦᠢᠯ ᠳᠤ ᠪᠡᠶ᠎ᠡ ᠪᠠᠷ ᠢᠶᠠᠨ ᠤᠷᠤᠯᠴᠠᠵᠤ ᠪᠤᠯᠤᠨ᠎ᠠ᠃   ᠦᠪᠦᠷ ᠮᠤᠩᠭᠤᠯ ᠤᠨ ᠮᠦᠰᠦᠨ ᠲᠡᠭᠡᠷᠡᠬᠢ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠦᠪ ᠲᠤ ᠲᠦᠷᠭᠡᠨ ᠲᠡᠰᠢᠯᠳᠡ᠂ ᠮᠦᠰᠦᠨ ᠪᠦᠮᠪᠦᠭᠡ ᠮᠦᠰᠦᠨ ᠲᠡᠪᠦᠷ᠎ᠡ ᠶᠢᠨ ᠤᠷᠤᠯᠳᠤᠭᠠᠨ ᠢ ᠰᠤᠨᠢᠷᠬᠠᠨ᠂ ᠪᠦᠷᠳᠡ ᠴᠢᠨ᠋ᠸ᠎ᠠ ᠭᠤᠸ᠎ᠠ ᠮᠠᠷᠠᠯ ᠮᠦᠰᠦ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠰᠠᠭᠤᠷᠢᠨ ᠭᠠᠵᠠᠷ ᠲᠤ ᠴᠠᠰᠤᠳᠤ ᠮᠤᠲ᠋ᠤᠷ ᠤᠨᠤᠵᠤ ᠮᠦᠰᠦ ᠴᠠᠰᠤᠨ ᠤ ᠭᠠᠶᠢᠬᠠᠮᠠᠰᠢᠭ ᠢ ᠪᠡᠶ᠎ᠡ ᠪᠠᠷ ᠢᠶᠠᠨ ᠤᠶᠢᠯᠠᠭᠠᠵᠤ᠂ ᠶᠠᠭᠰᠢ ᠶᠢᠨ ᠹᠧᠩ ᠬᠤᠸᠠᠩ ᠱᠠᠨ ᠪᠤᠯᠤᠨ ᠵᠠᠯᠠᠨ ᠠᠶᠢᠯ ᠤᠨ ᠶᠢᠨ ᠯᠦᠩ ᠱᠠᠨ ᠴᠠᠰᠤᠨ ᠭᠤᠯᠭᠤᠯᠳᠠ ᠶᠢᠨ ᠭᠠᠵᠠᠷ ᠲᠤ ᠡᠯ᠎ᠡ ᠲᠦᠷᠦᠯ ᠤᠨ ᠮᠦᠰᠦ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠪᠡᠶᠡᠴᠢᠯᠡᠨ ᠤᠶᠢᠯᠠᠭᠠᠵᠤ ᠪᠤᠯᠤᠨ᠎ᠠ᠃ ᠪᠠᠰᠠ ᠨᠢᠭᠡ ᠨᠢ ᠬᠠᠶᠢᠯᠠᠷ ᠠᠴᠠ ᠬᠠᠭᠤᠴᠢᠨ ᠪᠠᠷᠭᠤ ᠬᠤᠰᠢᠭᠤ ᠶᠢ ᠲᠠᠭᠠᠷᠢᠵᠤ ᠮᠠᠨᠵᠤᠤᠷ ᠤᠨ ᠴᠠᠰᠤᠳᠤ ᠭᠠᠵᠠᠷ ᠤᠨ ᠦᠨᠳᠦᠰᠦᠳᠡᠨ ᠤ ᠵᠠᠩ ᠠᠷᠠᠨᠰᠢᠯ ᠤᠨ ᠦᠩᠬᠡ ᠦᠵᠡᠮᠵᠢ ᠶᠢ ᠰᠤᠨᠢᠷᠬᠠᠬᠤ ᠵᠠᠮ ᠱᠤᠭᠤᠮ ᠲᠤᠬᠢᠷᠠᠭᠤᠯᠵᠤ᠂ ᠭᠤᠤᠯᠳᠠᠭᠤ ᠬᠦᠬᠡᠨᠠᠭᠤᠷ᠂ ᠪᠠᠶᠠᠠᠬᠠᠳᠠ᠂ ᠪᠠᠷᠭᠤ ᠮᠤᠩᠭᠤᠯ ᠠᠶᠢᠮᠠᠭ ᠵᠡᠷᠭᠡ ᠦᠵᠡᠮᠵᠢ ᠶᠢᠨ ᠤᠷᠤᠨ ᠤ ᠮᠦᠰᠦ ᠴᠠᠰᠤᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠳᠤ ᠤᠷᠤᠯᠴᠠᠬᠤ ᠪᠤᠯᠤᠨ᠎ᠠ᠃ ᠡᠬᠦᠨ ᠠᠴᠠ ᠭᠠᠳᠠᠨ᠎ᠠ ᠪᠠᠰᠠ ᠬᠠᠶᠢᠯᠠᠷ ᠠᠴᠠ ᠮᠤᠷᠳᠠᠵᠤ ᠡᠷᠬᠦᠨ᠎ᠡ ᠶᠢ ᠲᠠᠭᠠᠷᠢᠨ ᠬᠡᠭᠡᠨ ᠭᠤᠤᠯ ᠳᠤ ᠬᠦᠷᠴᠦ ᠲᠤᠮᠳᠠᠳᠤ ᠤᠯᠤᠰ ᠤᠨ ᠬᠦᠢᠳᠡᠨ ᠤ ᠲᠦᠢᠯ ᠢᠶᠠᠷ ᠵᠤᠭᠠᠴᠠᠬᠤ ᠵᠠᠮ ᠱᠤᠭᠤᠮ ᠪᠤᠯᠤᠨ ︽ᠬᠦᠯᠦᠨ ᠪᠤᠶᠢᠷ ᠨᠡᠷᠡᠮᠵᠢᠲᠤ︾ ᠵᠤᠭᠠᠴᠠᠯ ᠤᠨ ᠭᠠᠯᠳᠤ ᠲᠡᠷᠭᠡ ᠶᠢ ᠨᠡᠪᠳᠡᠷᠡᠬᠦᠯᠵᠦ ᠬᠠᠶᠢᠯᠠᠷ ᠠᠴᠠ ᠮᠤᠷᠳᠠᠨ ᠂ ᠮᠠᠨᠵᠤᠤᠷ ᠢ ᠲᠠᠭᠠᠷᠢᠨ ᠷᠠᠰᠢᠶᠠᠨ ᠳᠤ ᠬᠦᠷᠴᠦ ᠲᠠᠯ᠎ᠠ ᠨᠤᠳᠤᠭ ᠤᠢ ᠰᠢᠭᠤᠢ ᠬᠠᠯᠠᠭᠤᠨ ᠷᠠᠰᠢᠶᠠᠨ ᠢᠶᠠᠷ ᠵᠤᠭᠠᠴᠠᠬᠤ ᠵᠠᠮ ᠱᠤᠭᠤᠮ ᠢ ᠭᠤᠤᠯᠳᠠᠯᠭ᠎ᠠ ᠲᠠᠢ ᠡᠬᠦᠳᠴᠦ ᠪᠤᠢ᠃    
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ