ᠮᠠᠨᠵᠤᠤᠷ ᠤᠨ ᠨᠢᠭᠡ ᠣᠷᠣᠨ ᠪᠦᠰᠡ ᠳᠤ ᠲᠣᠬᠢᠷᠠᠭᠤᠯᠤᠯᠲᠠ ᠬᠢᠭᠡᠳ ᠲᠦᠭᠰᠢᠭᠦᠷᠢ ᠶᠡᠬᠡᠲᠡᠶ ᠭᠠᠵᠠᠷ ᠣᠷᠣᠨ ᠪᠣᠯᠭᠠᠵᠠᠢ
ᠨᠡᠶᠢᠲᠡᠯᠡᠭᠰᠡᠨ ᠴᠠᠭ᠄
2020/12/3
   3 ᠤ ᠡᠳᠦᠷ ᠭᠤᠷᠪᠠᠳᠤᠭᠠᠷ ᠡᠭᠡᠯᠵᠢ ᠶᠢᠨ ᠪᠥᠬᠦ ᠬᠦᠮᠦᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠡᠬᠢᠯᠡᠭᠦᠯᠦᠨ᠎ᠡ            ᠰᠢᠨᠬᠤᠸᠠ ᠬᠤᠷᠢᠶᠠᠨ ᠤ ᠬᠥᠬᠡᠬᠤᠲᠠ ᠶᠢᠨ 12 ᠰᠠᠷ᠎ᠠ ᠶᠢᠨ 2 ᠤᠨ ᠡᠳᠦᠷ ᠤᠨ  ᠮᠡᠳᠡᠭᠡ  ︵ᠰᠤᠷᠪᠤᠯᠵᠢᠯᠠᠭᠴᠢ  ᠸᠧᠶ ᠵᠢᠩ ᠢᠦᠶ᠂ ᠳᠠᠷᠬᠠᠨ︶ ᠰᠤᠷᠪᠤᠯᠵᠢᠯᠠᠭᠴᠢ 2 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ  ᠣᠷᠣᠨ ᠤ ᠮᠠᠨᠵᠤᠤᠷ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠠᠴᠠ ᠣᠶᠢᠯᠠᠭᠠᠭᠰᠠᠨ ᠨᠢ᠂ 2 ᠤᠨ ᠡᠳᠦᠷ ᠤᠨ 0 ᠴᠠᠭ ᠠᠴᠠ ᠡᠬᠢᠯᠡᠨ᠂ ᠮᠠᠨᠵᠤᠤᠷ ᠬᠤᠲᠠ ᠶᠢᠨ ᠳ᠋ᠦᠩ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠪᠦᠬᠦ ᠤᠯᠤᠰ ᠤᠨ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠡᠬᠡᠲᠡᠶ ᠭᠠᠵᠠᠷ ᠣᠷᠣᠨ ᠢᠶᠠᠷ ᠵᠠᠭᠠᠭᠯᠠᠨ ᠲᠣᠭᠲᠠᠭᠠᠬᠤ ᠶᠢᠨ  ᠬᠠᠮᠲᠤ  ᠬᠠᠮᠢᠶ᠎ᠠ  ᠪᠦᠬᠦᠢ ᠬᠠᠮᠢᠶᠠᠷᠤᠨ ᠡᠵᠡᠮᠳᠡᠬᠦ ᠠᠷᠭ᠎ᠠ  ᠬᠡᠮᠵᠢᠶ᠎ᠡ ᠶᠢ  ᠬᠡᠷᠡᠭᠵᠢᠭᠦᠯᠵᠡᠢ᠃ ᠮᠠᠨᠵᠤᠤᠷ  ᠬᠤᠲᠠ ᠶᠢᠨ ᠪᠤᠰᠤᠳ ᠣᠷᠣᠨ ᠪᠦᠰᠡ ᠵᠢᠨ‌‍ᠲ᠋ᠦ᠋ᠭᠰᠢᠭᠦᠷᠢ ᠶᠢᠨ ᠳᠡᠰ ᠢ ᠬᠤᠪᠢᠷᠠᠭᠤᠯᠬᠤ ᠦᠭᠡᠢ᠃ ᠮᠠᠨᠵᠤᠤᠷ ᠬᠤᠲᠠ 3 ᠤ ᠡᠳᠦᠷ ᠤᠨ 8 ᠴᠠᠭ ᠠᠴᠠ ᠡᠬᠢᠯᠡᠨ ᠭᠤᠷᠪᠠᠳᠤᠭᠠᠷ‌ᠡᠭᠡᠯᠵᠢ ᠶᠢᠨ ᠪᠥᠬᠦ ᠬᠦᠮᠦᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠨ᠎ᠠ᠃            ᠮᠠᠨᠵᠤᠤᠷ  ᠬᠤᠲᠠ  11 ᠰᠠᠷ᠎ᠠ ᠶᠢᠨ  21 ᠤ  ᠡᠳᠦᠷ  ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠵᠶ᠋ᠡᠷ‌ᠣᠨᠣᠰᠢᠯᠠᠭᠳᠠᠭᠰᠠᠨ ᠲᠣᠰ ᠭᠠᠵᠠᠷ ᠤᠨ ᠡᠪᠡᠳᠴᠢᠨ ᠤ ᠵᠢᠱᠢᠶ᠎ᠡ 2 ᠰᠢᠨ᠎ᠡ ᠪᠠᠷ ᠨᠡᠮᠡᠭᠳᠡᠭᠰᠡᠨ ᠢ ᠮᠡᠳᠡᠭᠦᠯᠵᠦ᠂ 11  ᠰᠠᠷ᠎ᠠ ᠶᠢᠨ22 ᠤᠨ ᠡᠳᠦᠷ᠂ 27 ᠤ ᠡᠳᠦᠷ ᠤᠷᠢᠳ ᠬᠤᠵᠢᠳ ᠬᠤᠶᠠᠷ ᠡᠭᠡᠯᠵᠢ ᠶᠢᠨ ᠪᠥᠬᠦ ᠬᠥᠮᠦᠨ ᠤ ᠪᠥᠭᠡᠮ ᠬᠦᠴᠢᠯ ᠤᠨ ᠪᠠᠶᠢᠴᠠᠭᠠᠨ‌‍ᠬᠡᠮᠵᠢᠯᠲᠡ ᠡᠬᠢᠯᠡᠭᠦᠯᠪᠡ᠃ ᠬᠤᠶᠠᠳᠤᠭᠠᠷ ᠡᠭᠡᠯᠵᠢ ᠶᠢᠨ ᠪᠦᠬᠦ ᠬᠥᠮᠦᠨ ᠤ ᠪᠥᠭᠡᠮ ᠬᠦᠴᠢᠯ ᠤᠨ ᠪᠠᠶᠢᠴᠠᠭᠠᠯᠲᠠ ᠳᠤᠮᠳᠠ᠂ ᠮᠠᠨᠵᠤᠤᠷ ᠬᠤᠲᠠ ᠶᠢᠨ ᠬᠢᠨ ᠨᠡᠶᠢᠲᠡ 203378 ᠬᠥᠮᠦᠨ ᠤ ᠦᠯᠢᠭᠡᠷ ᠶᠠᠩᠵᠤ ᠠᠪᠴᠤ᠂ 8  ᠬᠥᠮᠦᠨ ᠠᠷᠭ᠎ᠠ ᠴᠢᠨᠠᠷ   ᠲᠠᠢ᠂ ᠪᠤᠰᠤᠳ ᠨᠢ ᠪᠦᠷ ᠪᠢᠯᠢᠭ ᠴᠢᠨᠠᠷᠲᠠᠶ  ᠪᠠᠶᠢᠭᠰᠠᠨ ᠢ  ᠪᠠᠶᠢᠴᠠᠭᠠᠨ  ᠭᠠᠷᠭᠠᠪᠠ᠃  ᠲᠤᠰᠬᠠᠶ  ᠮᠡᠷᠭᠡᠵᠢᠯᠲᠡᠨ ᠤ  ᠳᠤᠭᠤᠶᠢᠯᠠᠩ ‍ᠤᠨ‌ᠡᠮᠴᠢᠯᠡᠭᠡᠨ ᠤ ᠣᠨᠣᠰᠢᠯᠠᠯᠲᠠ ᠪᠠᠷ ᠳᠡᠮᠵᠢᠨ᠂ ᠠᠷᠭ᠎ᠠ ᠶᠢᠨ ᠴᠢᠨᠠᠷᠲᠠᠢ 8  ᠬᠥᠮᠦᠨ ᠤ  ᠳᠣᠲᠣᠷ᠎ᠠ  7  ᠬᠥᠮᠦᠨ ᠨᠢ  ᠪᠠᠲᠤᠲᠠᠢ ᠣᠨᠣᠰᠢᠯᠠᠭᠳᠠᠭᠰᠠᠨ ᠡᠪᠡᠳᠴᠢᠨ ᠤ ᠵᠢᠱᠢᠶ᠎ᠡ᠂ 1 ᠬᠥᠮᠦᠨ ᠨᠢ  ᠡᠪᠡᠳᠴᠢᠨ ᠤ  ᠢᠯᠡᠷᠡᠯ  ᠦᠭᠡᠢ  ᠬᠠᠯᠳᠠᠪᠤᠷᠢᠯᠠᠭᠰᠠᠨ ᠬᠥᠮᠦᠨ‌‍ᠪᠣᠯᠣᠨ᠎ᠠ᠃            2 ᠤᠨ ᠡᠳᠦᠷ ᠤᠨ 7 ᠴᠠᠭ ᠪᠣᠯᠲᠠᠯ᠎ᠠ᠂ ᠮᠠᠨᠵᠤᠤᠷ ᠬᠤᠲᠠ ᠳᠤ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠵᠶ᠋ᠡᠷ‌ᠣᠨᠣᠰᠢᠯᠠᠭᠳᠠᠭᠰᠠᠨ ᠲᠣᠰ ᠭᠠᠵᠠᠷ ᠤᠨ ᠡᠪᠡᠳᠴᠢᠨ ᠤ ᠵᠢᠱᠢᠶ᠎ᠡ 20᠂ ᠰᠡᠵᠢᠭᠯᠡᠯᠲᠡᠶ ᠡᠪᠡᠳᠴᠢᠨ ᠤ ᠵᠢᠱᠢᠶ᠎ᠡ 2᠂  ᠡᠪᠡᠳᠴᠢᠨ ᠤ ᠢᠯᠡᠷᠡᠯ ᠥᠬᠡᠶ ᠬᠠᠯᠳᠠᠪᠤᠷᠢᠯᠠᠭᠰᠠᠨ ᠬᠥᠮᠦᠨ 1᠂ ᠨᠢᠭᠡᠨᠲᠡ ᠪᠠᠶᠢᠴᠠᠭᠠᠨ ᠣᠯᠣᠭᠰᠠᠨ ᠨᠢᠭᠲᠠ ᠣᠶᠢᠷᠠᠲᠤᠭᠰᠠᠨ ᠬᠥᠮᠦᠨ 1062 ᠪᠠᠶᠢᠨ᠎ᠠ᠃ ᠶᠡᠷᠦᠩᠬᠡᠶᠢᠯᠡᠨ  ᠰᠤᠳᠤᠯᠤᠨ ᠮᠠᠭᠠᠳᠯᠠᠬᠤ ᠪᠠᠷ  ᠳᠠᠮᠵᠢᠨ᠂  ᠲᠦᠭᠰᠢᠭᠦᠷᠢ ᠶᠢ  ᠤᠯᠠᠮ  ᠨᠢᠭᠡ  ᠠᠯᠬᠤᠮ  ᠰᠢᠭᠰᠢᠨ‌‍ᠪᠠᠶᠢᠴᠠᠭᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ  ᠪᠣᠯᠤᠨ  ᠪᠡᠶ᠎ᠡ  ᠮᠠᠬᠠᠪᠣᠳ ᠤᠨ ᠡᠷᠡᠭᠦᠯ  ᠮᠡᠨᠳᠦ ᠵᠢᠨ‌‍ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠶᠢᠨ ᠲᠥᠯᠥᠭᠡ᠂ ᠮᠠᠨᠵᠤᠤᠷ ᠬᠤᠲᠠ ᠶᠢᠨ  ᠰᠢᠨ᠎ᠡ  ᠲᠢᠲᠢᠮᠯᠢᠭ  ᠠᠭᠤᠰᠬᠢᠨ‌ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠠᠴᠠ᠂ 3 ᠤ ᠡᠳᠦᠷ ᠤᠨ 8 ᠴᠠᠭ ᠠᠴᠠ ᠡᠬᠢᠯᠡᠨ ᠭᠤᠷᠪᠠᠳᠤᠭᠠᠷ ᠡᠭᠡᠯᠵᠢ ᠶᠢᠨ ᠪᠥᠬᠦ ᠬᠦᠮᠦᠨ ᠤ ᠪᠥᠭᠡᠮ ᠬᠦᠴᠢᠯ ᠤᠨ ᠪᠠᠶᠢᠴᠠᠭᠠᠯᠲᠠ ᠶᠢ  ᠥᠷᠨᠢᠭᠦᠯᠬᠦ ᠪᠠᠷ ᠲᠣᠭᠲᠠᠵᠠᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号