| ᠰᠢᠨᠬᠤᠸᠠ ᠰᠦᠯᠵᠢᠶ᠎ᠡ ᠶᠢᠨ ᠬᠦᠬᠡᠬᠤᠳᠠ ᠶᠢᠨ 11 ᠰᠠᠷ᠎ᠠ ᠶᠢᠨ 30 ᠤ ᠡᠳᠣᠷ ᠤᠨ ᠮᠡᠳᠡᠭᠡ᠂ ᠦᠪᠦᠷ | ᠮᠤᠩᠭᠤᠯ ᠤᠨ ᠭᠤᠷᠪᠠᠨ ᠡᠷᠲᠡᠨᠢ ︽ᠲᠦᠮᠦᠰᠦ᠂ ᠶᠤᠤᠮᠠᠢ ᠶᠢᠨ ᠭᠤᠯᠢᠷ᠂ ᠬᠤᠨᠢᠨ ᠠᠷᠠᠰᠤᠨ ᠲᠠᠪᠠᠯ︾ ᠠᠴᠠ | ᠲᠦᠮᠦᠰᠦ ᠪᠤᠯᠤᠨ ᠶᠤᠤᠮᠠᠢ ︽ᠲᠣᠭᠠᠴᠠᠵᠢᠭᠤᠯᠣᠭᠰᠠᠨ︾ ᠬᠤᠷᠲᠤᠨ ᠲᠡᠷᠭᠡᠨ ᠳᠤ ᠮᠤᠷᠲᠠᠨ ︽ᠵᠢᠭᠠᠯᠲᠠ ᠲᠤᠭ᠎ᠠ | ᠶᠢᠨ ᠴᠠᠭ ᠡᠷᠢᠨ︾ ᠳᠤ ᠤᠷᠤᠪᠠ᠃ ᠲᠤᠰ ᠡᠲᠦᠷ ᠤᠨ ᠦᠲᠡ ᠶᠢᠨ ᠬᠤᠶᠢᠨ᠎ᠠ᠂ ︽ᠦᠪᠦᠷ ᠮᠤᠩᠭᠤᠯ ᠤᠨ | ᠲᠦᠮᠦᠰᠦ ᠶᠢᠨ ᠵᠢᠭᠠᠯᠲᠠ ᠲᠤᠭ᠎ᠠ︾ ᠬᠢᠭᠡᠳ ︽ᠦᠪᠦᠷ ᠮᠤᠩᠭᠤᠯ ᠤᠨ ᠨᠤᠬᠠᠢ ᠶᠢᠨ ᠬᠤᠰᠢᠭᠤ ᠶᠢᠨ ᠵᠢᠭᠠᠯᠲᠠ | ᠲᠤᠭ᠎ᠠ︾ ᠬᠦᠬᠡᠬᠤᠲᠠ ᠳᠤ ᠵᠢᠩᠭᠢᠨᠢ ᠪᠠᠷ ᠰᠦᠯᠢᠶᠡᠨ ᠳᠤ ᠭᠠᠷᠪᠠ᠃ | ᠶᠡᠭᠡ ᠲᠤᠭ᠎ᠠ ᠪᠠᠷᠢᠮᠲᠠ ᠬᠢᠭᠡᠳ ᠤᠨᠴᠠᠯᠢᠭᠲᠤ ᠲᠠᠷᠢᠶᠠᠯᠠᠩ ᠤᠨ ᠭᠦᠨᠴᠡ ᠠᠭᠤᠰᠤᠯᠴᠠᠯ ᠢ ᠪᠡᠶᠡᠯᠡᠬᠦᠯᠵᠤ᠂ | ᠠᠵᠤ ᠦᠢᠯᠡᠰ ᠤᠨ ᠲᠠᠪᠠᠭᠤᠯᠢᠭ ᠲᠤ ᠲᠦᠰᠢᠭᠯᠡᠨ ᠦᠪᠦᠷ ᠮᠤᠩᠭᠤᠯ ᠤᠨ ᠤᠨᠴᠠᠯᠢᠭᠲᠤ ᠲᠠᠷᠢᠶᠠᠯᠠᠩ ᠤᠨ | ᠪᠦᠲᠣᠭᠡᠭᠳᠡᠬᠦᠨ ᠤ ᠰᠤᠷᠠᠭ ᠴᠢᠮᠡᠭᠡ ᠵᠠᠷᠯᠠᠬᠤ ᠲᠦᠪ ᠪᠠᠶᠢᠷᠢ ᠰᠠᠭᠤᠷᠢ ᠶᠢ ᠪᠤᠢ ᠪᠤᠯᠭᠠᠬᠤ ᠶᠢᠨ ᠲᠦᠯᠦᠭᠡ᠂ ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠲᠣᠭᠠᠴᠢᠯᠠᠯᠳᠠ ᠶᠢᠨ ᠠᠵᠤ ᠠᠬᠤᠶᠢᠯᠯ ᠳᠤ | ᠨᠠᠶᠢᠲᠠᠨ ︽ᠦᠪᠦᠷ ᠮᠤᠩᠭᠤᠯ ᠤᠨ ᠲᠦᠮᠦᠰᠦ ᠶᠢᠨ ᠵᠢᠭᠠᠯᠲᠠ ᠲᠤᠭ᠎ᠠ︾ ᠬᠢᠭᠡᠳ ︽ᠦᠪᠦᠷ ᠮᠤᠩᠭᠤᠯ ᠤᠨ ᠨᠤᠬᠠᠢ | ᠶᠢᠨ ᠬᠤᠰᠢᠭᠤ ᠶᠢᠨ ᠵᠢᠭᠠᠯᠲᠠ ᠲᠤᠭ᠎ᠠ︾ ᠨᠠᠶᠢᠷᠠᠭᠤᠯᠤᠨ ᠵᠤᠬᠢᠶᠠᠯᠭᠠᠵᠤ᠂ ᠬᠠᠷᠭᠠᠯᠵᠠᠬᠰᠠᠨ ᠵᠢᠭᠠᠯᠲᠠ ᠲᠤᠭ᠎ᠠ ᠶᠢᠨ | ᠡᠬᠦᠲᠡ ᠡᠷᠦᠬᠡ ᠶᠢᠨ ᠰᠦᠯᠵᠢᠶ᠎ᠡ ᠶᠢᠨ ᠴᠡᠭ ᠪᠠᠶᠢᠭᠤᠯᠵᠤ᠂ ᠵᠢᠭᠠᠯᠲᠠ ᠲᠤᠭ᠎ᠠ ᠶᠢᠨ ᠬᠠᠮᠢᠶ᠎ᠠ ᠪᠦᠬᠦᠢ ᠮᠡᠳᠡᠭᠡ | ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠯᠡᠪᠡ᠃ | ᠤᠶᠢᠯᠠᠭᠠᠬᠰᠠᠨ ᠢᠶᠠᠷ᠂ ︽ᠦᠪᠦᠷ ᠮᠤᠩᠭᠤᠯ ᠤᠨ ᠲᠦᠮᠦᠰᠦ ᠶᠢᠨ ᠵᠢᠭᠠᠯᠲᠠ ᠲᠤᠭ᠎ᠠ︾ ᠬᠢᠭᠡᠳ ︽ᠦᠪᠦᠷ | ᠮᠤᠩᠭᠤᠯ ᠤᠨ ᠨᠤᠬᠠᠢ ᠶᠢᠨ ᠬᠤᠰᠢᠭᠤ ᠶᠢᠨ ᠵᠢᠭᠠᠯᠲᠠ ᠲᠤᠭ᠎ᠠ︾ ᠶᠢ ᠪᠤᠯ ᠤᠳᠤ ᠦᠶ᠎ᠡ ᠶᠢᠨ ᠵᠢᠭᠠᠯᠲᠠ ᠲᠤᠭ᠎ᠠ ᠶᠢᠨ | ᠪᠦᠷᠢᠳᠭᠡᠯ ᠤᠨ ᠰᠢᠨᠵᠢᠯᠡᠬᠦ ᠤᠬᠠᠭᠠᠨᠴᠢ ᠶᠤᠰᠤ᠂ ᠵᠢᠭᠠᠯᠲᠠ ᠲᠤᠭ᠎ᠠ ᠶᠢ ᠨᠠᠶᠢᠷᠠᠭᠤᠯᠤᠨ ᠵᠤᠬᠢᠶᠠᠬᠤ ᠲᠡᠷᠢᠬᠦᠨ ᠤ | ᠠᠷᠭ᠎ᠠ ᠬᠡᠮᠵᠢᠶ᠎ᠡ ᠶᠢ ᠵᠢᠷᠤᠮᠯᠠᠨ᠂ ᠠᠵᠤ ᠦᠢᠯᠡᠰ ᠤᠨ ᠪᠤᠲᠠᠳᠤ ᠤᠨᠴᠠᠯᠢᠭ ᠯᠤᠭ᠎ᠠ ᠤᠶᠠᠯᠳᠤᠭᠤᠯᠤᠨ᠂ ᠤᠨᠤᠯ ᠤᠨ | ᠰᠤᠳᠤᠯᠭ᠎ᠠ᠂ ᠪᠤᠲᠠᠲᠠᠢ ᠪᠠᠶᠢᠴᠠᠭᠠᠯᠲᠠ ᠬᠢᠬᠦ᠂ ᠲᠤᠰᠬᠠᠢ ᠮᠡᠷᠭᠡᠵᠢᠯᠲᠡᠨ ᠵᠦᠪᠯᠡᠯᠭᠡ ᠦᠭᠬᠦ᠂ ᠦᠢᠯᠡᠲᠦᠯᠭᠡ ᠶᠢᠨ | ᠬᠠᠶᠢᠯᠲᠠ ᠪᠠ ᠲᠣᠷᠰᠢᠨ ᠨᠠᠶᠢᠷᠠᠭᠤᠯᠤᠨ ᠵᠤᠬᠢᠶᠠᠬᠤ᠂ ᠲᠤᠷᠰᠢᠨ ᠬᠡᠷᠡᠭᠵᠢᠬᠦᠯᠬᠦ ᠭᠤᠬᠴᠤᠭ᠎ᠠ ᠶᠢ ᠲᠠᠮᠵᠢᠨ | ᠨᠠᠶᠢᠷᠠᠭᠤᠯᠤᠨ ᠵᠤᠬᠢᠶᠠᠬᠰᠠᠨ ᠪᠠᠶᠢᠨ᠎ᠠ᠃ | ᠲᠦᠮᠦᠰᠦ ᠬᠢᠭᠡᠳ ᠨᠤᠬᠠᠢ ᠶᠢᠨ ᠬᠤᠰᠢᠭᠤ ᠶᠢᠨ ᠲᠠᠸᠠᠷ ᠤᠨ ᠬᠠᠷᠢᠶᠠᠯᠠᠭᠠ ᠴᠢᠨᠠᠷ ᠪᠠ ᠠᠵᠤ ᠦᠢᠯᠡᠰ ᠤᠨ | ᠬᠦᠭᠵᠢᠯᠲᠡ ᠶᠢᠨ ᠴᠢᠭᠯᠡᠯ ᠯᠦᠭᠡ ᠤᠶᠠᠯᠳᠤᠭᠤᠯᠤᠨ᠂ ︽ᠦᠪᠦᠷ ᠮᠤᠩᠭᠤᠯ ᠤᠨ ᠲᠦᠮᠦᠰᠦ ᠶᠢᠨ ᠵᠢᠭᠠᠯᠲᠠ ᠲᠤᠭ᠎ᠠ︾ | ᠳᠤ ᠭᠠᠷᠤᠯᠲᠠ ᠶᠢᠨ ᠭᠠᠵᠠᠷ ᠤᠷᠤᠨ ᠤ ᠲᠠᠸᠠᠷ ᠤᠨ ᠲᠦᠮᠦᠰᠦ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ᠂ | ᠭᠠᠷᠤᠯᠲᠠ ᠶᠢᠨ ᠭᠠᠵᠠᠷ ᠤᠨ ᠦᠷ᠎ᠡ ᠶᠢᠨ ᠲᠦᠮᠦᠰᠦᠨ ᠤ ᠦᠨ᠎ᠡ ᠬᠠᠩᠰᠢ ᠶᠢᠨ ᠵᠢᠭᠠᠯᠲᠠ ᠲᠤᠭ᠎ᠠ᠂ ᠴᠠᠷᠲᠠᠭᠤᠯ ᠤᠨ | ᠦᠨ᠎ᠡ ᠬᠠᠩᠰᠢ ᠶᠢᠨ ᠵᠢᠭᠠᠯᠲᠠ ᠲᠤᠭ᠎ᠠ ᠪᠠ ᠠᠵᠤ ᠦᠢᠯᠡᠰ ᠤᠨ ᠬᠦᠭᠵᠢᠯ ᠤᠨ ᠵᠢᠭᠠᠯᠲᠠ ᠲᠤᠭ᠎ᠠ ᠵᠡᠷᠭᠡ ᠲᠦᠷᠪᠡᠨ | ᠵᠦᠢᠯ ᠤᠨ ᠵᠢᠭᠠᠯᠲᠠ ᠲᠤᠭ᠎ᠠ ᠶᠢ ᠪᠠᠭᠲᠠᠭᠠᠵᠠᠢ᠃ ︽ᠦᠪᠦᠷ ᠮᠤᠩᠭᠤᠯ ᠤᠨ ᠨᠤᠬᠠᠢ ᠶᠢᠨ ᠬᠤᠰᠢᠭᠤ ᠶᠢᠨ ᠵᠢᠭᠠᠯᠲᠠ | ᠲᠤᠭ᠎ᠠ︾ ᠳᠤ ᠨᠤᠬᠠᠢ ᠶᠢᠨ ᠬᠤᠰᠢᠭᠤ ᠶᠢᠨ ᠬᠠᠷ᠎ᠠ ᠪᠤᠲᠠᠭᠠᠨ ᠤ ᠦᠨ᠎ᠡ ᠬᠠᠩᠰᠢ ᠶᠢᠨ ᠵᠢᠭᠠᠯᠲᠠ ᠲᠤᠭ᠎ᠠ᠂ | ᠨᠤᠬᠠᠢ ᠶᠢᠨ ᠬᠤᠰᠢᠭᠤ ᠪᠠᠷ ᠡᠳ᠋ᠰᠢᠬᠦᠯᠦᠭᠰᠡᠨ ᠪᠦᠲᠣᠭᠡᠭᠳᠡᠬᠦᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠪᠠ ᠠᠵᠤ | ᠦᠢᠯᠡᠰ ᠤᠨ ᠬᠦᠭᠵᠢᠯ ᠤᠨ ᠵᠢᠭᠠᠯᠲᠠ ᠲᠤᠭ᠎ᠠ ᠶᠢ ᠪᠠᠭᠲᠠᠭᠠᠵᠤ᠂ ᠦᠪᠦᠷ ᠮᠤᠩᠭᠤᠯ ᠤᠨ ᠬᠤᠶᠠᠷ ᠶᠡᠭᠡ ᠤᠨᠴᠠᠯᠢᠭᠲᠤ | ᠲᠠᠷᠢᠶᠠᠯᠠᠩ ᠤᠨ ᠪᠦᠲᠣᠭᠡᠭᠳᠡᠬᠦᠨ ᠤ ᠦᠨ᠎ᠡ ᠬᠠᠩᠰᠢ ᠶᠢᠨ ᠬᠤᠪᠢᠷᠠᠯᠲᠠ ᠶᠢᠨ ᠪᠠᠶᠢᠲᠠᠯ᠂ ᠠᠵᠤ ᠦᠢᠯᠡᠰ ᠤᠨ | ᠬᠦᠭᠵᠢᠯ ᠤᠨ ᠪᠠᠶᠢᠲᠠᠯ ᠢ ᠲᠤᠰ ᠲᠤᠰ ᠬᠠᠷᠠᠭᠤᠯᠤᠬᠰᠠᠨ ᠪᠠᠶᠢᠨ᠎ᠠ᠃ | ︽︿ᠦᠪᠦᠷ ᠮᠤᠩᠭᠤᠯ ᠤᠨ ᠲᠦᠮᠦᠰᠦ ᠶᠢᠨ ᠵᠢᠭᠠᠯᠲᠠ ᠲᠤᠭ᠎ᠠ﹀᠂ ︿ᠦᠪᠦᠷ ᠮᠤᠩᠭᠤᠯ ᠤᠨ ᠨᠤᠬᠠᠢ ᠶᠢᠨ | ᠬᠤᠰᠢᠭᠤ ᠶᠢᠨ ᠵᠢᠭᠠᠯᠲᠠ ᠲᠤᠭ᠎ᠠ﹀︾ ᠨᠢ ᠠᠵᠤ ᠦᠢᠯᠡᠰ ᠤᠨ ᠬᠦᠭᠵᠢᠯᠲᠡ ᠶᠢᠨ ᠤᠲᠤᠬᠢ ᠪᠠᠶᠢᠲᠠᠯ ᠢ ᠪᠦᠬᠦ | ᠲᠠᠯ᠎ᠠ ᠪᠠᠷ ᠲᠤᠰᠬᠠᠵᠤ᠂ ᠠᠵᠤ ᠦᠢᠯᠡᠰ ᠤᠨ ᠬᠦᠭᠵᠢᠯᠲᠡ ᠶᠢᠨ ᠬᠠᠨᠳᠤᠰᠢ ᠶᠢ ᠵᠢᠱᠢᠵᠤ᠂ ᠵᠠᠰᠠᠭ ᠤᠨ ᠤᠷᠲᠤᠨ ᠤ | ᠰᠢᠢᠳᠪᠣᠷᠢᠳᠣ ᠪᠤᠲᠤᠯᠭ᠎ᠠ ᠲᠤᠭᠲᠠᠭᠠᠬᠤ ᠳᠤᠨᠢ ᠯᠠᠪᠯᠠᠯᠲᠠ ᠬᠠᠩᠭᠠᠬᠤ ᠪᠤᠯᠤᠨ᠎ᠠ᠃︾ ᠦᠪᠦᠷ ᠮᠤᠩᠭᠤᠯ ᠤᠨ | ᠦᠪᠡᠷᠲᠡᠭᠡᠨ ᠵᠠᠰᠠᠬᠤ ᠤᠷᠤᠨ ᠤ ᠬᠦᠭᠵᠢᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠲᠡᠳ᠋ ᠡᠷᠬᠢᠯᠡᠭᠴᠢ ᠸᠠᠩ ᠶᠢᠨ | ᠪᠤᠤ ᠶᠢᠨ ᠲᠠᠨᠢᠯᠴᠠᠭᠤᠯᠬᠤ ᠳᠠᠭᠠᠨ᠄ ︽ᠦᠪᠦᠷ ᠮᠤᠩᠭᠤᠯ ᠤᠨ ᠲᠦᠮᠦᠰᠦ ᠶᠢᠨ ᠵᠢᠭᠠᠯᠲᠠ ᠲᠤᠭ᠎ᠠ︾ ᠬᠢᠭᠡᠳ ︽ | ᠦᠪᠦᠷ ᠮᠤᠩᠭᠤᠯ ᠤᠨ ᠨᠤᠬᠠᠢ ᠶᠢᠨ ᠬᠤᠰᠢᠭᠤ ᠶᠢᠨ ᠵᠢᠭᠠᠯᠲᠠ ᠲᠤᠭ᠎ᠠ︾ ᠶᠢ ᠨᠠᠶᠢᠷᠠᠭᠤᠯᠤᠨ ᠵᠤᠬᠢᠶᠠᠬᠤ ᠪᠠᠷ ᠠᠨᠢᠰᠤ | ᠪᠤᠯᠭᠠᠪᠠᠯ᠂ ᠶᠡᠭᠡ ᠲᠤᠭ᠎ᠠ ᠪᠠᠷᠢᠮᠲᠠ ᠶᠢ ᠡᠲᠡᠭᠡᠷ ᠠᠵᠤ ᠦᠢᠯᠡᠰ ᠤᠨ ᠦᠢᠯᠡᠳᠪᠦᠷᠢᠯᠡᠯ ᠡᠳ᠋ᠰᠢᠬᠦᠯᠦᠯ᠂ ᠡᠵᠡᠩᠨᠡᠯᠲᠡ | ᠬᠠᠮᠢᠶᠠᠷᠤᠯᠲᠠ᠂ ᠵᠠᠬ᠎ᠠ ᠲᠡᠯᠭᠡᠭᠦᠷ ᠤᠨ ᠪᠤᠷᠤᠯᠠᠭᠤᠯᠭ᠎ᠠ ᠵᠡᠷᠭᠡ ᠲᠠᠯ᠎ᠠ ᠳᠤ ᠠᠭᠤᠰᠤᠯᠴᠠᠭᠤᠯᠤᠨ ᠬᠡᠷᠡᠭᠯᠡᠵᠦ ᠪᠤᠯᠬᠤ ᠪᠠ | ᠦᠪᠡᠷᠲᠡᠭᠡᠨ ᠵᠠᠰᠠᠬᠤ ᠤᠷᠤᠨ ᠤ ᠬᠢᠨ ᠤᠯᠤᠰ ᠭᠡᠷ ᠤᠨ ᠶᠡᠭᠡ ᠲᠤᠭ᠎ᠠ ᠪᠠᠷᠢᠮᠲᠠ ᠶᠢᠨ ᠪᠠᠶᠢᠯᠳᠤᠬᠤ ᠪᠤᠲᠤᠯᠭ᠎ᠠ ᠶᠢ | ᠦᠢᠯᠡᠲᠦᠯᠭᠡᠵᠢᠬᠦᠯᠬᠦ᠂ ᠤᠯᠤᠰ ᠭᠡᠷ ᠤᠨ ᠶᠡᠭᠡ ᠲᠤᠭ᠎ᠠ ᠪᠠᠷᠢᠮᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠤᠷᠤᠨ ᠤ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠲᠤᠰᠠᠲᠠᠢ ᠶᠤᠮ ᠭᠡᠪᠡ᠃ | |