ᠮᠠᠨᠵᠤᠤᠷ ᠪᠠᠷᠠᠭᠤᠨᠰᠢ ᠮᠣᠩᠭᠤᠯ ᠤᠯᠤᠰ ᠲᠠᠢ ᠬᠥᠷᠰᠢᠯᠡᠵᠦ᠂ ᠤᠮᠠᠷᠠᠰᠢ ᠣᠷᠣᠰ ᠲᠠᠢ ᠵᠠᠯᠭᠠᠯᠳᠤᠵᠤ᠂ ᠪᠥᠬᠦ | ᠤᠯᠤᠰ ᠤᠨ ᠬᠠᠮᠤᠭ ᠤᠨ ᠲᠣᠮᠣ ᠬᠠᠭᠤᠷᠠᠶ ᠵᠠᠮ ᠤᠨ ᠪᠣᠭᠤᠮᠲᠠ ᠶᠢᠨ ᠬᠤᠲᠠ ᠪᠣᠯᠤᠨ᠎ᠠ᠃ ᠬᠠᠷᠢᠶᠠᠲᠤ ᠣᠷᠣᠨ ᠤ | ᠲᠠᠯᠠᠪᠠᠶ ᠨᠢ 732 ᠲᠡᠭᠰᠢ ᠳᠥᠷᠪᠡᠯᠵᠢᠨ ᠺᠢᠯᠣᠮᠧᠲᠷ᠂ ᠬᠥᠮᠦᠨ ᠠᠮᠠ ᠨᠢ 30 ᠲᠦᠮᠡ ᠪᠠᠶᠢᠵᠤ᠂ ᠮᠣᠩᠭᠤᠯ᠂ | ᠬᠢᠲᠠᠳ᠂ ᠬᠤᠲᠣᠩ᠂ ᠰᠣᠯᠣᠩᠭᠤᠰ᠂ ᠣᠷᠣᠰ ᠵᠡᠷᠭᠡ 20 ᠭᠠᠷᠤᠶ ᠦᠨᠳᠦᠰᠦᠲᠡᠨ ᠰᠠᠭᠤᠵᠤ ᠪᠠᠶᠢᠨ᠎ᠠ᠃ | ᠬᠤᠲᠠ ᠳᠤ ᠵᠠᠯᠠᠶᠢᠨᠠᠭᠤᠷ ᠲᠣᠭᠤᠷᠢᠭ ︵ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ︶᠂ ᠬᠢᠯᠢ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠣᠷᠣᠨ᠂ ᠳᠤᠮᠳᠠᠳᠤ ᠣᠷᠣᠰ ᠤᠨ ᠬᠠᠷᠢᠯᠴᠠᠨ ᠠᠷᠠᠯᠵᠢᠶᠠᠨ ᠤ ᠲᠤᠭᠤᠷᠢᠭ᠂ | ᠳ᠋ᠦᠩ ᠬᠤ᠋ ᠲᠣᠭᠤᠷᠢᠭ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ | ᠲᠣᠭᠤᠷᠢᠭ᠂ ᠣᠷᠵᠢᠨ ᠲᠣᠭᠤᠷᠢᠭ ᠪᠠᠭᠲᠠᠨ᠎ᠠ᠃ | ᠮᠠᠨᠵᠤᠤᠷ ᠵᠡᠭᠦᠨ ᠬᠤᠶᠢᠲᠤ ᠠᠽᠢᠶ᠎ᠠ ᠶᠢᠨ ᠠᠵᠤ ᠠᠬᠤᠢ ᠶᠢᠨ ᠲᠣᠭᠤᠷᠢᠭ ᠤᠨ ᠲᠥᠪ ᠲᠤ ᠣᠷᠣᠰᠢᠵᠤ᠂ | ᠧᠦ᠋ᠷᠣᠫᠠ ᠠᠽᠢᠶ᠎ᠠ ᠶᠢᠨ ᠨᠢᠭᠡᠳᠦᠭᠡᠷ ᠡᠬᠡ ᠬᠠᠭᠤᠷᠠᠶ ᠶᠢᠨ ᠬᠥᠭᠦᠷᠭᠡ ᠶᠢᠨ ᠪᠠᠶᠢᠯᠳᠤᠬᠤ ᠪᠣᠳᠣᠯᠭ᠎ᠠ ᠶᠢᠨ ᠵᠠᠩᠭᠢᠯᠠᠭ᠎ᠠ | ᠶᠢᠨ ᠴᠡᠭ ᠮᠦᠷᠲᠡᠭᠡᠨ ᠬᠠᠮᠤᠭ ᠤᠨ ᠴᠢᠬᠤᠯᠠ᠂ ᠬᠠᠮᠤᠭ ᠤᠨ ᠲᠦᠷᠭᠡᠨ ᠣᠯᠠᠨ ᠤᠯᠤᠰ ᠤᠨ ᠶᠡᠭᠡ ᠨᠡᠪᠲᠡᠷᠡᠬᠦ ᠵᠠᠮ | ᠪᠠᠶᠢᠵᠤ᠂ ᠶᠡᠷᠦ ᠠᠴᠠ ︽ᠵᠡᠭᠦᠨ ᠠᠽᠢᠶ᠎ᠠ ᠶᠢᠨ ᠴᠣᠩᠬᠤ︾ ᠭᠡᠰᠡᠨ ᠰᠠᠶᠢᠬᠠᠨ ᠠᠯᠳᠠᠷᠲᠠᠶ ᠶᠤᠮ᠃ ᠪᠦᠬᠦ ᠤᠯᠤᠰ ᠤᠨ | ᠬᠠᠮᠤᠭ ᠤᠨ ᠲᠣᠮᠣ ᠬᠠᠭᠤᠷᠠᠶ ᠵᠠᠮ ᠤᠨ ᠪᠣᠭᠤᠮᠲᠠ᠂ ᠳᠤᠮᠳᠠᠳᠤ ᠣᠷᠣᠰ ᠤᠨ ᠠᠷᠠᠯᠵᠢᠶᠠᠨ ᠤ 65% ᠠᠴᠠ | ᠳᠡᠭᠡᠭᠰᠢᠬᠢ ᠬᠠᠭᠤᠷᠠᠶ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠠᠶᠢᠨ᠎ᠠ᠃ ᠮᠠᠨᠵᠤᠤᠷ | ᠳᠣᠲᠣᠭᠠᠳᠤ ᠳᠠᠭᠠᠨ ᠵᠡᠭᠦᠨ ᠬᠤᠶᠢᠲᠤ ᠶᠢᠨ ᠭᠤᠷᠪᠠᠨ ᠮᠤᠵᠢ ᠶᠢ ᠲᠦᠰᠢᠵᠦ᠂ ᠪᠦᠸᠧᠬᠠᠶ ᠲᠠᠩᠭᠢᠰ ᠢ ᠲᠣᠭᠤᠷᠢᠭᠰᠠᠨ | ᠣᠷᠣᠨ ᠲᠠᠢ ᠨᠡᠪᠲᠡᠷᠡᠯᠴᠡᠵᠦ᠂ ᠠᠵᠤ ᠠᠬᠤᠶ ᠶᠢᠨ ᠥᠷᠥᠴᠡ ᠭᠠᠵᠠᠷ ᠥᠷᠭᠡᠨ ᠠᠭᠤᠳᠠᠮ ᠤᠷᠤᠰ ᠤᠨ | ᠰᠢᠪᠧᠷᠢᠶ᠎ᠠ ᠶᠢᠨ ᠲᠡᠮᠦᠷ ᠵᠠᠮ ᠢ ᠬᠤᠯᠠᠨᠳ᠋ ᠤᠨ ᠷᠣᠲ᠋ᠤᠷᠳᠠᠮ ᠬᠦᠷᠲᠡᠯ᠎ᠡ ᠬᠤᠯᠪᠣᠵᠠᠶ᠃ ᠥᠩᠭᠡᠷᠡᠬᠦ ᠵᠠᠮ ᠳᠠᠭᠠᠤ ᠪᠣᠯ | ᠣᠷᠣᠰ ᠤᠨ ᠬᠥᠮᠦᠨ ᠠᠮᠠ ᠬᠠᠮᠤᠭ ᠣᠯᠠᠨ᠂ ᠡᠬᠢ ᠪᠠᠶᠠᠯᠢᠭ ᠬᠠᠮᠤᠭ ᠡᠯᠪᠡᠭ ᠭᠠᠵᠠᠷ ᠤᠷᠤᠨ ᠪᠠᠶᠢᠵᠤ᠂ ᠠᠵᠤ | ᠠᠬᠤᠶ ᠭᠠᠵᠠᠷ ᠵᠦᠶ ᠶᠢᠨ ᠨᠥᠬᠦᠴᠡᠯ ᠮᠠᠰᠢ ᠳᠠᠪᠠᠭᠤᠯᠢᠭ ᠪᠠᠶᠢᠳᠠᠭ᠃ ᠳᠤᠮᠳᠠᠳᠤ ᠣᠷᠣᠰ ᠮᠣᠩᠭᠤᠯ ᠤᠨ | ᠬᠠᠮᠲᠤᠷᠠᠯᠴᠠᠭ᠎ᠠ ᠶᠠᠪᠤᠯᠴᠠᠭ᠎ᠠ ᠭᠦᠨᠵᠡᠭᠡᠶᠢᠷᠡᠨ ᠠᠬᠢᠬᠤ ᠪᠠ ᠤᠯᠤᠰ ᠠᠴᠠ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠲᠦᠷᠭᠡᠨ | ᠬᠡᠷᠡᠭᠵᠢᠭᠦᠯᠦᠭᠳᠡᠬᠦ ᠶᠢ ᠳᠠᠭᠠᠯᠳᠤᠨ᠂ ᠮᠠᠨᠵᠤᠤᠷ ᠬᠤᠲᠠ ᠨᠢᠭᠡᠨᠲᠡ ᠵᠡᠭᠦᠨ ᠬᠤᠶᠢᠲᠤ ᠠᠽᠢᠶ᠎ᠠ ᠶᠢᠨ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠵᠠᠶ᠃ | ᠮᠠᠨᠵᠤᠤᠷ ᠪᠣᠯ ᠵᠠᠭᠤᠨ ᠵᠢᠯ ᠤᠨ ᠲᠡᠤᠬᠡ ᠲᠠᠢ ᠪᠣᠭᠤᠮᠲᠠ ᠶᠢᠨ ᠬᠤᠲᠠ ᠪᠣᠯᠤᠨ᠎ᠠ᠂ 1902 ᠣᠨ ᠳᠤ ᠵᠡᠭᠦᠨ | ᠴᠢᠩ ᠤᠯᠤᠰ ᠤᠨ ᠲᠡᠮᠦᠷ ᠵᠠᠮ ︵ᠳᠠᠷᠤᠶ ᠣᠳᠣ ᠶᠢᠨ ᠪᠢᠨ ᠵᠧᠤ ᠲᠡᠮᠦᠷ ᠵᠠᠮ︶ ᠢ ᠨᠡᠪᠲᠡᠷᠡᠭᠦᠯᠦᠭᠰᠡᠨ ᠠᠴᠠ | ᠬᠤᠲᠠ ᠪᠠᠶᠢᠭᠤᠯᠵᠤ᠂ ᠬᠤᠪᠢᠰᠬᠠᠯᠲᠤ ᠳᠠᠶᠢᠨ ᠤ ᠦᠶ᠎ᠡ ᠳᠤ᠂ ᠮᠠᠨᠵᠤᠤᠷ ᠪᠣᠯ ᠮᠠᠨ ᠤ ᠨᠠᠮ ᠤᠨ ᠡᠪ ᠬᠠᠮᠲᠤ ᠶᠢᠨ | ᠢᠨᠲ᠋ᠧᠷᠨᠠᠼᠢᠣᠨᠠᠯ ᠲᠠᠢ ᠬᠠᠷᠢᠯᠴᠠᠬᠤ ᠤᠯᠠᠭᠠᠨ ᠵᠠᠮ ᠮᠥᠨ᠂ ᠲᠡᠷᠡ ᠨᠢ ᠪᠦᠭᠦᠳᠡ ᠨᠠᠶᠢᠷᠠᠮᠳᠠᠬᠤ ᠤᠯᠤᠰ ᠤᠨ | ᠮᠡᠨᠳᠦᠯᠡᠬᠦ ᠳᠤ ᠴᠢᠬᠤᠯᠠ ᠬᠤᠪᠢ ᠨᠡᠮᠡᠷᠢ ᠦᠵᠡᠭᠦᠯᠵᠡᠢ︔ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠮᠠᠨᠵᠤᠤᠷ ᠨᠢ | ᠪᠦᠭᠦᠳᠡ ᠨᠠᠶᠢᠷᠠᠮᠳᠠᠬᠤ ᠤᠯᠤᠰ ᠤᠨ ᠭᠠᠳᠠᠭᠠᠳᠤ ᠠᠷᠠᠯᠵᠢᠶᠠᠨ ᠤ ᠭᠤᠣᠯ ᠵᠠᠮ ᠪᠣᠯᠤᠭᠰᠠᠨ ᠤ ᠬᠤᠪᠢ ᠳᠤ᠂ ᠪᠦᠬᠦ | ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠭᠰᠡᠨ ᠪᠠᠶᠢᠨ᠎ᠠ᠃ ᠨᠠᠮ ᠪᠠ | ᠲᠦᠷᠦ ᠶᠢᠨ ᠤᠳᠤᠷᠢᠳᠬᠤ ᠬᠥᠮᠦᠨ ᠤᠯᠠᠨ ᠤᠳᠠᠭ᠎ᠠ ᠮᠠᠨᠵᠤᠤᠷ ᠲᠤ ᠬᠦᠷᠴᠦ ᠪᠠᠶᠢᠴᠠᠭᠠᠨ ᠦᠵᠡᠭᠰᠡᠨ ᠪᠥᠭᠡᠳ | ᠴᠢᠬᠤᠯᠠ ᠵᠢᠭᠠᠪᠤᠷᠢ ᠭᠠᠷᠭᠠᠪᠠ᠃ ᠮᠠᠤ ᠽᠤ᠋ ᠳ᠋ᠦᠩ ᠲᠡᠷᠢᠭᠦᠯᠡᠭᠴᠢ ᠵᠥᠪᠯᠡᠯᠲᠦ ᠬᠤᠯᠪᠣᠭᠠᠲᠤ ᠤᠯᠤᠰ ᠲᠤ ᠭᠠᠷᠬᠤ | ᠳᠤ ᠮᠠᠨᠵᠤᠤᠷ ᠢᠶᠠᠷ ᠥᠩᠭᠡᠷᠡᠬᠦ ᠳᠡᠭᠡᠨ ︽ᠮᠠᠨᠵᠤᠤᠷ ᠪᠣᠯ ᠡᠬᠡ ᠤᠯᠤᠰ ᠤᠨ ᠬᠢᠯᠢ ᠬᠢᠵᠠᠭᠠᠷ ᠤᠨ ᠴᠢᠬᠤᠯᠠ | ᠬᠤᠲᠠ ᠪᠣᠯᠤᠨ᠎ᠠ᠃ ᠳᠤᠮᠳᠠᠳᠤ ᠵᠥᠪᠯᠡᠯᠲᠦ ᠶᠢᠨ ᠠᠷᠠᠯᠵᠢᠶᠠᠨ ᠤ ᠴᠢᠬᠤᠯᠠ ᠬᠠᠭᠤᠷᠠᠶ ᠵᠠᠮ ᠤᠨ ᠪᠣᠭᠤᠮᠲᠠ ᠪᠣᠯᠤᠨ᠎ᠠ᠂ | ᠰᠢᠨ᠎ᠡ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢ | ᠪᠠᠬᠢᠵᠢᠭᠦᠯᠬᠦ ᠳᠤ ᠴᠥᠮ ᠴᠢᠬᠤᠯᠠ ᠦᠢᠯᠡᠳᠦᠯ ᠲᠠᠢ ᠶᠤᠮ︾᠃ ᠶᠡᠷᠦᠩᠬᠡᠶ ᠱᠦᠵᠢ ᠵᠢᠶᠠᠩ ᠽᠧ ᠮᠢᠨ ︽ᠴᠡᠴᠡᠭᠯᠡᠨ | ᠬᠥᠭᠵᠢᠭᠰᠡᠨ ᠬᠢᠯᠢ ᠬᠢᠵᠠᠭᠠᠷ ᠣᠷᠣᠨ ᠤ ᠪᠣᠭᠤᠮᠲᠠ ᠶᠢ ᠴᠢᠷᠮᠠᠶᠢᠨ ᠪᠠᠶᠢᠭᠤᠯᠤᠶ᠎ᠠ︾ ᠭᠡᠰᠡᠨ ᠪᠢᠴᠢᠭᠡᠰᠦ ᠪᠢᠴᠢᠵᠡᠶ᠃ | ᠲᠤᠬᠠᠶ ᠶᠢᠨ ᠦᠶ᠎ᠡ ᠳᠤ ᠤᠯᠤᠰ ᠤᠨ ᠳᠡᠳ᠋ ᠲᠡᠷᠢᠭᠦᠯᠡᠭᠴᠢ ᠪᠠᠶᠢᠭᠰᠠᠨ ᠶᠡᠷᠦᠩᠬᠡᠶ ᠱᠦᠵᠢ ᠰᠢ ᠶᠢᠨ ᠫᠢᠩ ︽ ᠠᠳᠡᠬᠢ | ᠦᠵᠡᠮᠵᠢ ᠣᠨᠴᠠ ᠰᠠᠶᠢᠨ︾ ᠭᠡᠬᠦ ᠰᠢᠯᠦᠭ ᠪᠠ ᠬᠡᠪᠰᠢᠮᠡᠯ ᠬᠡᠯᠡᠯᠭᠡ ᠪᠠᠷ ︽ᠨᠤᠲᠤᠭ ᠤᠰᠤ ᠪᠠᠨ ᠬᠠᠮᠠᠭᠠᠯᠠᠬᠤ | ᠬᠠᠷᠢᠭᠤᠴᠠᠯᠭ᠎ᠠ ᠲᠠᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠪᠠᠷ ᠮᠠᠨᠵᠤᠤᠷ ᠤᠨ ᠬᠥᠭᠵᠢᠯᠲᠡ ᠶᠢᠨ | ᠦᠷ᠎ᠡ ᠪᠦᠲᠦᠭᠡᠯ ᠪᠠ ᠤᠮᠠᠷᠠᠲᠤ ᠬᠢᠯᠢ ᠶᠢᠨ ᠶᠡᠭᠡ ᠬᠠᠭᠠᠯᠭ᠎ᠠ ᠶᠢ ᠰᠠᠬᠢᠨ ᠬᠠᠮᠠᠭᠠᠯᠠᠵᠤ᠂ ᠡᠶᠡᠯᠳᠡᠭ ᠬᠥᠷᠰᠢ ᠶᠢᠨ | ᠨᠦᠬᠦᠷᠯᠡᠯ ᠢᠶᠠᠨ ᠭᠦᠨᠵᠡᠭᠡᠶᠢᠷᠡᠭᠦᠯᠬᠦ ᠶᠢᠨ ᠴᠢᠬᠤᠯᠠ ᠦᠢᠯᠡᠳᠦᠯ ᠢ ᠦᠨᠡᠯᠡᠪᠡ᠃ | ᠮᠠᠨᠵᠤᠤᠷ ᠤᠯᠤᠰ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠢᠮᠠᠭᠲᠠ ᠴᠢᠬᠤᠯᠠ ᠪᠠᠶᠢᠷᠢᠨ | ᠢ ᠡᠵᠡᠯᠡᠵᠦ ᠪᠤᠶ᠃ 1992 ᠣᠨ ᠳᠤ ᠤᠯᠤᠰ ᠠᠴᠠ ᠠᠩᠬᠠᠳᠠᠭᠴᠢ ᠪᠦᠯᠦᠭ ᠬᠢᠯᠢ ᠳᠠᠭᠠᠤ ᠨᠡᠭᠡᠭᠡᠯᠲᠡ ᠬᠢᠬᠦ | ᠬᠤᠲᠠ ᠪᠠᠷ ᠵᠥᠪᠰᠢᠶᠡᠷᠡᠭᠳᠡᠪᠡ᠃ ᠬᠢᠯᠢ ᠳᠠᠭᠠᠤ ᠨᠡᠭᠡᠭᠡᠯᠲᠡ ᠬᠢᠭᠰᠡᠨ ᠠᠴᠠ ᠨᠠᠰᠢ᠂ ᠮᠠᠨᠵᠤᠤᠷ ᠪᠣᠭᠤᠮᠲᠠ 3.1 | ᠳ᠋ᠦᠩᠰᠢᠭᠤᠷ ᠲᠣᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠡᠳ᠋ ᠪᠣᠳᠠᠰ ᠢ ᠲᠠᠷᠬᠠᠭᠠᠨ | ᠵᠥᠭᠡᠭᠡᠪᠦᠷᠢᠯᠡᠵᠦ᠂ ᠤᠯᠤᠰ ᠲᠤ ᠪᠣᠭᠤᠮᠲᠠ ᠶᠢᠨ ᠭᠠᠶᠢᠯᠢ ᠲᠤᠰᠢᠶᠠᠬᠤ᠂ ᠣᠷᠣᠯᠠᠨ ᠲᠠᠲᠠᠪᠤᠷᠢᠯᠠᠬᠤ ᠭᠠᠶᠢᠯᠢ 720 | ᠭᠠᠷᠤᠶ ᠳ᠋ᠦᠩᠰᠢᠭᠤᠷ ᠲᠤ ᠬᠦᠷᠴᠦ᠂ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠳᠡ ᠪᠠ ᠣᠳᠣᠬᠢᠴᠢᠯᠠᠬᠤ | ᠪᠦᠳᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠮᠠᠨᠵᠤᠤᠷ ᠭᠤᠷᠪᠠ ᠤᠳᠠᠭ᠎ᠠ ᠳᠠᠷᠠᠭᠠᠯᠠᠨ | ︽ᠪᠦᠬᠦ ᠤᠯᠤᠰ ᠤᠨ ᠪᠣᠯᠪᠠᠰᠤᠨ ᠪᠣᠭᠤᠮᠲᠠ︾ ᠶᠢᠨ ᠴᠣᠯᠠ ᠬᠦᠷᠲᠡᠵᠦ᠂ ᠵᠢᠷᠭᠤᠭ᠎ᠠ ᠤᠳᠠᠭ᠎ᠠ ︽ᠪᠥᠬᠦ | ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ ᠠᠯᠳᠠᠷ ᠢ ᠭᠥᠷᠳᠡᠵᠦ᠂ ᠪᠥᠬᠦ ᠤᠯᠤᠰ ᠤᠨ | ᠪᠣᠯᠪᠠᠰᠤᠨ ᠬᠤᠲᠠ᠂ ᠳᠤᠮᠳᠠᠳᠤ ᠤᠯᠤᠰ ᠤᠨ ᠰᠢᠯᠢᠳᠡᠭ ᠵᠢᠭᠤᠯᠴᠢᠯᠠᠯ ᠤᠨ ᠬᠤᠲᠠ᠂ ᠪᠥᠬᠦ ᠤᠯᠤᠰ ᠤᠨ ᠰᠢᠨᠵᠢᠯᠡᠬᠦ | ᠤᠬᠠᠭᠠᠨ ᠢ ᠲᠦᠭᠡᠮᠡᠯᠵᠢᠭᠦᠯᠬᠦ ᠵᠢᠱᠢᠶ᠎ᠡ ᠦᠵᠡᠭᠦᠯᠬᠦ ᠬᠤᠲᠠ᠂ ᠤᠯᠤᠰ ᠤᠨ ᠲᠠᠰ ᠤᠨ ᠠᠮᠢ ᠠᠬᠤᠶ ᠶᠢᠨ ᠵᠢᠱᠢᠶ᠎ᠡ | ᠦᠵᠡᠭᠦᠯᠬᠦ ᠣᠷᠣᠨ ᠪᠠ CCTV ᠠᠷᠪᠠᠨ ᠰᠠᠶᠢᠨ ᠲᠠᠲᠠᠬᠤ ᠬᠦᠴᠦᠨ ᠲᠠᠢ ᠬᠤᠲᠠ ᠪᠣᠯᠤᠨ᠎ᠠ᠃ 2010 ᠤᠨ ᠳᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠭᠤᠤᠯᠳᠠᠯᠭ᠎ᠠ ᠲᠠᠢ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠢᠶᠠᠷ ᠲᠣᠭᠲᠠᠭᠠᠪᠠ᠃ | 2019 ᠣᠨ ᠳᠤ ᠮᠠᠨᠵᠤᠤᠷ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵ | GDP︶ 148.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ | ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ | ᠬᠥᠮᠦᠨ ᠪᠦᠷᠢ ᠶᠢᠨ ᠳᠤᠮᠳᠠᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ︵ᠬᠥᠮᠦᠨ ᠪᠦᠷᠢ ᠶᠢᠨ | ᠳᠤᠮᠳᠠᠴᠢ GDP︶ 65568 ᠲᠥᠭᠦᠷᠢᠭ ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶ᠋ᠯᠡᠰ ᠤᠨ ᠨᠡᠮᠡᠭᠳᠡᠯ ᠥᠷᠲᠡᠭ 3.7 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.2% ᠢᠶᠠᠷ ᠨᠡᠮᠡᠭᠳᠡᠪᠡ︔ | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 37.7 ᠳ᠋ᠦᠩᠰᠢᠭᠤᠷ ᠲᠥᠭᠦᠷᠢᠭ ᠲᠤ ᠬᠦᠷᠭᠡᠵᠦ᠂ 2. | 5% ᠪᠠᠷ ᠨᠡᠮᠡᠭᠳᠡᠪᠡ︔ ᠭᠤᠷᠪᠠᠳᠤᠭᠠᠷ ᠠᠵᠤ ᠦᠶ᠋ᠯᠡᠰ ᠤᠨ ᠥᠷᠲᠡᠭ 107.2 ᠳ᠋ᠦᠩᠰᠢᠭᠤᠷ ᠲᠥᠭᠦᠷᠢᠭ᠂ 4. | 5% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ 2.5᠄ 25.4᠄ 72.1 | ᠪᠣᠯᠤᠨ᠎ᠠ᠃ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠲᠣᠭᠲᠠᠭᠤᠨ ᠡᠷᠭᠢᠯᠳᠦᠵᠦ ᠪᠠᠶᠢᠨ᠎ᠠ᠃ |