| 10 ᠰᠠᠷ᠎ᠠ ᠶᠢᠨ 22 ᠤᠨ ᠡᠳᠦᠷ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠸᠧᠶ ᠳ᠋ᠦᠩ | ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2022 ᠣᠨ ᠤ 42 ᠳ᠋ᠤᠭᠠᠷ ᠤᠳᠠᠭᠠᠨ ᠤ ᠬᠤᠷᠠᠯ ᠢ ᠡᠷᠭᠢᠯᠡᠨ | ᠬᠤᠷᠠᠯᠳᠤᠭᠤᠯᠪᠠ᠃ ᠶᠤᠸᠠᠢ ᠭᠦᠸᠧ ᠳ᠋ᠦᠩ᠂ ᠯᠢᠩ ᠶᠦᠨ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠲᠣᠰ ᠡᠭᠡᠯᠵᠢ ᠶᠢᠨ ᠬᠢᠵᠢᠭ ᠤᠨ ᠪᠠᠶᠢᠳᠠᠯ ᠤᠨ ᠬᠤᠯᠪᠣᠭᠳᠠᠯ ᠪᠥᠬᠦᠶ ᠠᠵᠢᠯ ᠢ ᠥᠷᠨᠢᠭᠦᠯᠦᠭᠰᠡᠨ | ᠪᠠᠶᠢᠳᠠᠯ ᠢ ᠵᠠᠷᠯᠠᠨ ᠮᠡᠳᠡᠭᠳᠡᠵᠦ᠂ ᠡᠬᠢ ᠡᠭᠦᠰᠦᠯ ᠢ ᠨᠢ ᠡᠷᠢᠬᠦ ᠠᠵᠢᠯ ᠪᠠ ᠲᠠᠷᠠᠭᠠᠴᠢ ᠶᠢᠨ ᠠᠯᠬᠤᠮ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠬᠠᠮᠢᠶᠠᠷᠤᠨ ᠡᠵᠡᠮᠳᠡᠬᠦ ᠠᠵᠢᠯ ᠤᠨ ᠰᠠᠨᠠᠭᠤᠯᠭ᠎ᠠ ᠶᠢᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠢᠵᠢᠭ ᠤᠨ | ᠪᠠᠶᠢᠳᠠᠯ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠶᠢᠨ᠎ᠠ᠂ ᠪᠦᠬᠦ ᠬᠤᠳᠠ ᠪᠠᠷ ᠢᠶᠠᠨ ︽ᠭᠠᠳᠠᠨ᠎ᠠ ᠠᠴᠠ | ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠠᠴᠠ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ | ᠪᠤᠳᠤᠯᠭ᠎ᠠ ᠪᠠ ︽ᠬᠥᠳᠡᠯᠦᠩᠭᠦᠢ ᠪᠠᠷ ᠴᠡᠪᠡᠷᠯᠡᠬᠦ︾ ᠶᠡᠷᠦᠩᠬᠡᠢ ᠴᠢᠭᠯᠡᠯᠲᠡ ᠶᠢ ᠡᠷᠡᠰ ᠭᠤᠶᠢᠪᠢᠰᠢ ᠦᠭᠡᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠤᠰᠢᠶᠠᠭᠰᠠᠨ ᠴᠢᠬᠤᠯᠠ ᠶᠡᠭᠡ ᠤᠯᠤᠰ ᠲᠦᠷᠦ ᠶᠢᠨ | ᠡᠭᠦᠷᠭᠡ ᠶᠢ ᠡᠷᠡᠰ ᠪᠡᠶᠡᠯᠡᠭᠦᠯᠵᠦ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠪᠠ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠬᠤ | ᠬᠡᠷᠡᠭᠲᠡᠢ ᠭᠡᠵᠡᠢ᠃ | ᠬᠤᠷᠠᠯ ᠠᠴᠠ᠂ ᠳᠤᠮᠳᠠ ᠠᠶᠤᠯ ᠲᠦᠭᠰᠢᠭᠦᠷᠢ ᠶᠡᠬᠡᠲᠡᠢ ᠣᠷᠣᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ | ᠠᠶᠤᠯ ᠲᠦᠭᠰᠢᠭᠦᠷᠢ ᠶᠡᠬᠡᠲᠡᠢ ᠣᠷᠣᠨ ᠤ ︽ᠭᠡᠷ ᠠᠴᠠ ᠪᠠᠨ ᠦᠯᠦ ᠭᠠᠷᠬᠤ︾᠂ ᠳᠤᠮᠳᠠ ᠠᠶᠤᠯ ᠲᠦᠭᠰᠢᠭᠦᠷᠢ | ᠶᠡᠬᠡᠲᠡᠢ ᠣᠷᠣᠨ ᠤ ︽ᠭᠡᠷ ᠠᠴᠠ ᠪᠠᠨ ᠦᠯᠦ ᠭᠠᠷᠬᠤ᠂ ᠤᠷᠬᠢᠯ ᠠᠴᠠ ᠵᠥᠷᠢᠵᠦ ᠪᠣᠳᠠᠰ ᠠᠪᠬᠤ᠂ ᠴᠤᠭᠯᠠᠷᠠᠬᠤ ᠶᠢ | ᠴᠠᠭᠠᠵᠠᠯᠠᠬᠤ︾ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ | ᠲᠦᠭᠰᠢᠭᠦᠷᠢ ᠪᠠᠭ᠎ᠠ ᠣᠷᠣᠨ ᠤ ᠡᠮᠬᠢ ᠳᠢᠭᠯᠢᠮ ᠲᠠᠢ ᠰᠢᠯᠵᠢᠯᠲᠡ ᠶᠢ ᠰᠡᠷᠭᠦᠭᠡᠭᠰᠡᠨ ᠤ ᠳᠠᠷᠠᠭ᠎ᠠ ᠲᠠᠯᠠᠪᠤᠷ ᠤᠨ | ᠨᠣᠮᠧᠷ ᠢ ᠰᠢᠷᠪᠢᠬᠦ᠂ ᠳᠠᠩᠰᠠᠯᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ ᠭᠡᠵᠡᠢ᠃ ︽ᠨᠢᠭᠡ ᠲᠠᠯᠠᠪᠤᠷ ᠬᠤᠶᠠᠷ ᠥᠷᠲᠡᠭᠡ︾ ᠪᠠ ᠬᠤᠲᠠ ᠠᠴᠠ ᠭᠠᠷᠬᠤ ᠪᠣᠭᠤᠮᠲᠠ ᠶᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠺᠣᠳ᠋ ᠪᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ | ᠮᠡᠳᠡᠭᠡ ᠵᠠᠩᠭᠢ ᠶᠢ ᠪᠠᠶᠢᠴᠠᠭᠠᠨ ᠰᠢᠯᠭᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠬᠢᠵᠢᠭ ᠤᠨ | ᠪᠠᠶᠢᠳᠠᠯ ᠭᠠᠳᠠᠭᠰᠢ ᠯᠡᠪᠡᠷᠡᠬᠦ᠂ ᠠᠶᠤᠯ ᠲᠦᠭᠰᠢᠭᠦᠷᠢ ᠣᠷᠣᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ᠪᠠᠶᠢᠩᠭᠤᠵᠢᠭᠰᠠᠨ ᠣᠷᠣᠨ ᠪᠦᠰᠡ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠪᠣᠭᠤᠮᠲᠠ ᠶᠢᠨ ᠪᠢᠲᠡᠭᠦᠦ ᠲᠣᠭᠤᠷᠢᠭ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠯᠳᠠᠰᠢ ᠭᠠᠷᠬᠤ ᠶᠢ ᠬᠤᠷᠢᠭᠯᠠᠵᠤ᠂ ︽ᠣᠷᠣᠭᠤᠯᠬᠤ ᠶᠢ | ᠰᠡᠷᠭᠡᠶᠢᠯᠡᠬᠦ᠂ ᠲᠠᠷᠬᠠᠬᠤ ᠶᠢ ᠰᠡᠷᠭᠡᠶᠢᠯᠡᠬᠦ᠂ ᠭᠠᠳᠠᠭᠰᠢ ᠪᠢᠯᠬᠠᠬᠤ ᠶᠢ ᠰᠡᠷᠭᠡᠶᠢᠯᠡᠬᠦ︾ ᠭᠤᠷᠪᠠᠨ ᠵᠤᠷᠪᠤᠰ | ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ ᠡᠮᠴᠢᠯᠡᠭᠡᠨ ᠤ ᠬᠤᠭ | ᠨᠣᠪᠰᠢ᠂ ᠠᠮᠢᠳᠤᠷᠠᠯ ᠤᠨ ᠬᠤᠭ ᠨᠣᠪᠰᠢ ᠪᠠ ᠬᠠᠶᠠᠭᠳᠠᠮᠠᠯ ᠡᠳ᠋ ᠢ ᠰᠢᠢᠳᠪᠦᠷᠢᠯᠡᠬᠦ ᠬᠠᠮᠢᠶ᠎ᠠ ᠪᠥᠬᠦᠶ ᠠᠵᠢᠯ ᠢ ᠤᠯᠠᠮ | ᠨᠢᠭᠡ ᠠᠯᠬᠤᠮ ᠴᠢᠩᠭᠠᠳᠬᠠᠵᠤ᠂ ᠸᠢᠷᠦ᠋ᠰ ᠤᠨ ᠬᠠᠯᠳᠠᠪᠤᠷᠢᠯᠠᠬᠤ ᠪᠠ ᠣᠷᠴᠢᠨ ᠲᠣᠭᠤᠷᠢᠨ ᠤ ᠬᠤᠶᠠᠳᠠᠬᠢ | ᠪᠣᠬᠢᠷᠲᠤᠯ ᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃ |