ᠮᠠᠨ ᠤ ᠬᠤᠲᠠ ᠮᠠᠨᠵᠤᠤᠷ ᠵᠠᠯᠠᠶᠢᠨᠠᠭᠤᠷ ᠢ ᠨᠢᠭᠡ  ᠬᠤᠲᠠ  ᠪᠣᠯᠭᠠᠨ ᠬᠥᠭᠵᠢᠭᠦᠯᠬᠦ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/22
    7 ᠰᠠᠷ᠎ᠠ ᠶᠢᠨ 20 ᠤ ᠡᠳᠦᠷ᠂ ᠮᠠᠨ ᠤ ᠬᠤᠲᠠ ᠮᠠᠨᠵᠤᠤᠷ ᠵᠠᠯᠠᠶᠢᠨᠠᠭᠤᠷ ᠢ ᠨᠢᠭᠡ ᠬᠤᠲᠠ ᠪᠣᠯᠭᠠᠨ ᠬᠥᠭᠵᠢᠭᠦᠯᠬᠦ ᠠᠵᠢᠯ ᠤᠨ ᠶᠢᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ᠃ ᠢᠦᠢ ᠸᠧᠢ ᠳ᠋ᠦᠩ᠂ ᠶᠤᠸᠠᠢ ᠭᠦᠸᠧ ᠳ᠋ᠦᠩ᠂ ᠰᠦᠨ ᠰᠢᠶᠤᠤ ᠯᠢᠶᠠᠩ᠂ ᠴᠢ ᠱᠠᠨ ᠵᠢᠶᠠᠨ᠂ ᠰᠦᠢ ᠵᠢᠶᠠᠨ ᠫᠢᠩ᠂ ᠳ᠋ᠧᠩ ᠶᠤᠸᠠᠢ ᠱᠧᠩ᠂ ᠸᠠᠩ ᠲᠤᠤ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ ᠃     ᠬᠤᠷᠠᠯ ᠳᠡᠭᠡᠷ᠎ᠡ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠤᠨ ᠵᠠᠯᠠᠶᠢᠨᠠᠭᠤᠷ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠮᠠᠨᠵᠤᠤᠷ ᠵᠠᠯᠠᠶᠢᠨᠠᠭᠤᠷ ᠢ ᠨᠢᠭᠡ  ᠬᠤᠲᠠ ᠪᠣᠯᠭᠠᠨ ᠬᠥᠭᠵᠢᠭᠦᠯᠬᠦ ᠠᠵᠢᠯ  ᠢ ᠠᠬᠢᠭᠤᠯᠬᠤ ᠲᠤᠬᠠᠶ ᠣᠪᠣᠷ ᠢᠶᠠᠨ ᠢᠯᠡᠳᠬᠡᠬᠦ ᠦᠭᠡ ᠬᠡᠯᠡᠪᠡ ᠃      ᠬᠤᠷᠠᠯ ᠠᠴᠠ᠂ ᠮᠠᠨᠵᠤᠤᠷ ᠵᠠᠯᠠᠶᠢᠨᠠᠭᠤᠷ ᠢ ᠨᠢᠭᠡ ᠬᠤᠲᠠ ᠪᠣᠯᠭᠠᠨ ᠬᠥᠭᠵᠢᠭᠦᠯᠬᠦ  ᠪᠣᠯ ᠵᠣᠬᠢᠶᠠᠨ ᠪᠠᠶᠢᠭᠤᠯᠤᠯᠲᠠ ᠶᠢᠨ ᠲᠤᠰᠢᠶᠠᠭᠰᠠᠨ ᠴᠢᠬᠤᠯᠠ ᠶᠡᠭᠡ ᠡᠭᠦᠷᠭᠡ᠂  ᠬᠢᠯᠢ ᠶᠢᠨ ᠪᠣᠭᠤᠮᠲᠠ ᠶᠢᠨ ᠠᠵᠤ ᠠᠬᠤᠢ ᠨᠡᠶᠢᠭᠡᠮ  ᠤᠨ ᠴᠢᠨᠠᠷ ᠰᠠᠶᠢᠲᠠᠢ ᠬᠥᠭᠵᠢᠯᠲᠡ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠨᠡᠩ ᠴᠤ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠪᠣᠯᠤᠨ᠎ᠠ ᠃ ᠪᠥᠬᠦ ᠬᠤᠲᠠ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠬᠡᠯᠪᠡᠷᠢ  ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠬᠤ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠬᠤᠲᠠ ᠪᠠᠯᠭᠠᠰᠤᠵᠢᠯᠳᠠ ᠶᠢᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ 《 ᠬᠤᠤᠰ ᠬᠤᠲᠠ ᠶᠢᠨ ᠲᠤᠤᠯᠢᠰ 》 ᠢ ᠬᠠᠮᠲᠤ ᠪᠠᠷ ᠰᠠᠶᠢᠬᠠᠨ ᠪᠢᠴᠢᠭᠯᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ 《 ᠨᠢᠭᠡ  ᠬᠤᠲᠠ ᠪᠣᠯᠭᠠᠬᠤ 》 ᠶᠢ ᠠᠬᠢᠭᠤᠯᠵᠤ᠂ ᠬᠢᠯᠢ ᠶᠢᠨ ᠪᠣᠭᠤᠮᠲᠠ ᠶᠢᠨ ᠬᠤᠲᠠ ᠶᠢᠨ ᠶᠡᠷᠦᠩᠬᠡᠶᠢᠯᠡᠭᠰᠡᠨ ᠥᠷᠢᠰᠥᠯᠳᠦᠭᠡᠨ ᠤ ᠴᠢᠳᠠᠪᠤᠷᠢ  ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠲᠠᠴᠢᠯᠠᠯᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ  ᠭᠡᠵᠦ  ᠴᠢᠬᠤᠯᠠᠴᠢᠯᠠᠵᠠᠢ ᠃      ᠬᠤᠷᠠᠯ ᠠᠴᠠ᠂ ᠮᠠᠨᠵᠤᠤᠷ ᠵᠠᠯᠠᠶᠢᠨᠠᠭᠤᠷ ᠬᠤᠶᠠᠷ ᠬᠤᠲᠠ ᠶᠢᠨ ᠬᠠᠷᠢᠴᠠᠭᠤᠯᠤᠭᠰᠠᠨ ᠳᠠᠪᠠᠭᠤᠯᠢᠭ ᠪᠣᠯᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠳᠤ ᠦᠶ᠎ᠡ ᠶᠢᠨ ᠠᠵᠤ ᠦᠢᠯᠡᠰ ᠤᠨ ᠬᠠᠮᠵᠢᠯᠴᠠᠨ ᠬᠠᠮᠲᠤ ᠪᠠᠷ ᠬᠥᠭᠵᠢᠬᠦ᠂ ᠠᠮᠢ ᠠᠬᠤᠢ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠵᠤ ᠬᠠᠮᠲᠤ ᠪᠠᠷ ᠵᠠᠰᠠᠬᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠬᠢᠵᠦ ᠬᠠᠮᠲᠤ ᠪᠠᠷ ᠡᠳ᠋ᠯᠡᠬᠦ ᠣᠳᠣᠬᠢᠴᠢᠯᠠᠭᠰᠠᠨ ᠬᠤᠳᠠ ᠶᠢᠨ ᠣᠷᠣᠨ ᠪᠦᠰᠡ ᠶᠢᠨ ᠪᠠᠶᠢᠷᠢᠰᠢᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠃ ᠲᠥᠯᠥᠪᠵᠢᠭᠦᠯᠭᠡ ᠶᠢ ᠨᠢᠭᠡᠳᠦᠯᠲᠡᠶ ᠲᠦᠯᠦᠪᠯᠡᠬᠦ᠂ ᠲᠥᠷᠥ ᠶᠢᠨ ᠪᠣᠳᠣᠯᠭ᠎ᠠ ᠪᠠᠷ ᠨᠥᠯᠥᠭᠡᠯᠡᠬᠦ᠂ ᠴᠢᠳᠠᠪᠤᠷᠢᠲᠠᠨ ᠢ ᠰᠣᠯᠢᠯᠴᠠᠬᠤ᠂ ᠱᠠᠯᠠᠪᠳᠠᠭᠤᠯᠤᠨ ᠬᠢᠯᠭᠡᠵᠦ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ  ᠬᠦᠴᠦ ᠪᠠᠨ ᠲᠥᠪᠯᠡᠷᠡᠭᠦᠯᠬᠦ ᠶᠢ ᠪᠠᠷᠢᠮᠲᠠᠯᠠᠵᠤ᠂ ᠱᠤᠭᠤᠮ ᠤᠨ ᠵᠢᠷᠤᠭ ᠢ ᠦᠨᠡᠨ ᠬᠦ ᠪᠠᠷᠢᠯᠭ᠎ᠠ  ᠶᠢᠨ ᠵᠢᠷᠤᠭ᠂ ᠪᠣᠳᠠᠲᠤ ᠵᠢᠷᠤᠭ ᠪᠣᠯᠭᠠᠨ ᠬᠤᠪᠢᠷᠠᠭᠤᠯᠵᠤ᠂ ᠮᠠᠨᠵᠤᠤᠷ ᠵᠠᠯᠠᠶᠢᠨᠠᠭᠤᠷ ᠢ ᠨᠢᠭᠡ ᠬᠤᠲᠠ  ᠪᠣᠯᠭᠠᠨ ᠬᠥᠭᠵᠢᠭᠦᠯᠬᠦ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠯᠬᠦᠮᠳᠡᠨ ᠨᠢᠭᠡᠳᠴᠦ ᠬᠤᠯᠠ ᠶᠢ ᠬᠠᠷᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠪᠦᠳᠦᠭᠡᠨ ᠪᠠᠶᠢᠭᠤᠯᠤᠯᠲᠠ ᠬᠢᠵᠦ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ  ᠭᠡᠵᠦ  ᠱᠠᠭᠠᠷᠳᠠᠵᠠᠢ ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ