7 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ | ᠶᠤᠸᠠᠢ ᠭᠦᠸᠧ ᠳ᠋ᠦᠩ ᠢᠶᠠᠷ ᠪᠦᠯᠬᠦᠮ ᠤᠨ ᠳᠠᠷᠤᠭ᠎ᠠ ᠪᠣᠯᠭᠠᠭᠰᠠᠨ ᠮᠠᠨ ᠤ ᠬᠤᠲᠠ ᠶᠢᠨ ᠵᠠᠰᠠᠭ ᠠᠵᠤ ᠠᠬᠤᠶᠢᠯᠠᠯ | ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠹᠦᠵᠢᠶᠠᠨ ᠮᠤᠵᠢ ᠶᠢᠨ ᠹᠦ᠋ ᠴᠢᠩ ᠬᠤᠲᠠ ᠳᠤ ᠬᠦᠷᠴᠦ ᠭᠠᠳᠠᠭᠠᠳᠤ | ᠨᠡᠭᠡᠭᠡᠯᠲᠡ ᠶᠢᠨ ᠲᠥᠷᠥᠯ ᠵᠦᠶᠯ ᠨᠢ ᠴᠤᠤ ᠳ᠋ᠠ ᠪᠦᠯᠦᠭᠯᠡᠯ᠂ ᠹᠦ᠋ ᠴᠠᠩ ᠪᠦᠯᠦᠭᠯᠡᠯ ᠲᠠᠢ ᠵᠥᠪᠳᠡᠯᠴᠡᠨ ᠵᠣᠯᠭᠠᠭᠤᠯᠬᠤ | ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ ᠃ ᠬᠤᠲᠠ ᠶᠢᠨ ᠳᠡᠳ᠋ ᠳᠠᠷᠤᠭ᠎ᠠ ᠴᠧᠩ ᠭᠦᠸᠧ ᠪᠢᠨ ᠵᠢᠴᠢ | ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠠᠷ ᠬᠤᠳᠠᠯᠳᠤᠭᠠᠴᠢᠨ ᠤᠷᠢᠬᠤ ᠰᠢᠨᠵᠢᠯᠡᠨ | ᠪᠠᠶᠢᠴᠠᠭᠠᠯᠲᠠ ᠳᠤ ᠣᠷᠣᠯᠴᠠᠪᠠ ᠃ | ᠶᠤᠸᠠᠢ ᠭᠦᠸᠧ ᠳ᠋ᠦᠩ ᠂ ᠮᠠᠨ ᠤ ᠬᠤᠲᠠ ᠶᠢᠨ ᠦᠨᠳᠦᠰᠦᠨ ᠪᠠᠶᠢᠳᠠᠯ ᠢᠶᠠᠨ ᠲᠠᠨᠢᠯᠴᠠᠭᠤᠯᠤᠭᠰᠠᠨ ᠤ ᠬᠠᠮᠲᠤ | ᠮᠠᠨᠵᠤᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠦᠯᠦᠭᠡᠯᠡᠨ ᠴᠤᠤ ᠳ᠋ᠠ ᠪᠦᠯᠦᠭᠯᠡᠯ ᠢ | ᠮᠠᠨᠵᠤᠤᠷ ᠲᠤ ᠢᠷᠡᠵᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠦ᠂ ᠪᠠᠯᠠ ᠣᠷᠣᠭᠤᠯᠤᠨ ᠦᠶᠯᠡᠰ ᠪᠤᠰᠬᠠᠵᠤ᠂ | ᠲᠠᠯ᠎ᠠ ᠨᠤᠲᠤᠭ ᠤᠨ ᠰᠣᠶᠣᠯ᠂ ᠬᠤᠪᠢᠰᠬᠠᠯ ᠤᠨ ᠤᠯᠠᠮᠵᠢᠯᠠᠯ ᠪᠠ ᠬᠠᠷᠢ ᠨᠤᠲᠤᠭ ᠤᠨ ᠵᠠᠩ ᠦᠶᠯᠡ ᠶᠢ ᠪᠡᠶᠡᠴᠢᠯᠡᠨ | ᠤᠶᠢᠯᠠᠭᠠᠭᠠᠷᠠᠢ ᠭᠡᠵᠦ ᠤᠷᠢᠵᠠᠢ᠃ ᠲᠡᠷᠡ᠂ ᠴᠤᠤ ᠳ᠋ᠠ ᠪᠦᠯᠦᠭᠯᠡᠯ ᠪᠣᠯ ᠤᠯᠤᠰ ᠤᠨ ᠲᠠᠰ ᠤᠨ ᠲᠠᠷᠢᠶᠠᠯᠠᠩ ᠤᠨ | ᠠᠵᠤ ᠦᠢᠯᠡᠰᠵᠢᠯᠲᠡ ᠶᠢᠨ ᠭᠤᠤᠯᠳᠠᠯᠭ᠎ᠠ ᠲᠠᠢ ᠳᠠᠭᠠᠭᠤᠯᠤᠭᠴᠢ ᠠᠵᠤ ᠠᠬᠤᠶᠢᠯᠠᠯ ᠮᠥᠨ᠂ ᠳᠤᠮᠳᠠᠳᠤ ᠤᠯᠤᠰ ᠤᠨ | ᠲᠠᠷᠢᠶᠠᠯᠠᠩ ᠤᠨ ᠠᠵᠢᠯ ᠲᠥᠷᠥᠯ ᠤᠨ ᠬᠠᠮᠤᠭ ᠤᠨ ᠥᠷᠢᠰᠦᠯᠳᠦᠬᠦ ᠬᠦᠴᠦᠨ ᠲᠠᠢ ᠪᠥᠭᠡᠳ ᠬᠠᠮᠤᠭ ᠤᠨ ᠥᠷᠲᠡᠭ | ᠨᠡᠮᠡᠭᠳᠡᠯ ᠤᠨ ᠳᠠᠯᠳᠠ ᠬᠦᠴᠦᠨ ᠲᠠᠢ ᠠᠯᠳᠠᠷ ᠨᠠᠷᠠᠲᠤ ᠲᠥᠷᠦᠯ ᠲᠡᠮᠳᠡᠭ ᠂ ᠪᠢᠳᠡᠨ ᠤ ᠰᠤᠷᠤᠯᠴᠠᠬᠤ ᠳᠠᠭᠤᠷᠢᠶᠠᠯ | ᠪᠠ ᠬᠡᠪ ᠳᠠᠭᠤᠷᠢᠶᠠᠯ ᠪᠣᠯᠤᠨ᠎ᠠ ᠃ ᠪᠢᠳᠠ ᠡᠨᠡ ᠤᠳᠠᠭ᠎ᠠ ᠨᠡᠷ᠎ᠡ ᠠᠯᠳᠠᠷ ᠢ ᠨᠢ ᠪᠢᠰᠢᠷᠡᠭᠡᠳ ᠢᠷᠡᠭᠰᠡᠨ ᠨᠢ ᠳᠠᠷᠤᠢ | ᠬᠠᠷᠠᠭ᠎ᠠ ᠪᠠᠨ ᠥᠷᠭᠡᠳᠬᠡᠵᠦ᠂ ᠡᠷᠬᠢᠮ ᠪᠦᠯᠦᠭᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠬᠤ ᠲᠠᠯ᠎ᠠ ᠪᠠᠷ ᠬᠢ ᠲᠡᠷᠢᠭᠦᠨ ᠤ ᠠᠷᠭ᠎ᠠ ᠬᠢᠳᠡᠯ ᠢ ᠰᠤᠷᠤᠯᠴᠠᠵᠤ᠂ ᠲᠡᠷᠢᠭᠦᠨ ᠤ ᠬᠢ ᠲᠠᠢ | ᠬᠠᠷᠭᠤᠭᠤᠯᠵᠤ᠂ ᠵᠥᠷᠢᠶ᠎ᠡ ᠪᠠᠨ ᠡᠷᠢᠵᠦ᠂ ᠰᠡᠳᠬᠢᠴᠡ ᠪᠠᠨ ᠲᠡᠭᠦᠯᠳᠡᠷᠵᠢᠭᠦᠯᠵᠦ᠂ ᠬᠥᠭᠵᠢᠯᠲᠡ ᠶᠢ ᠠᠬᠢᠭᠤᠯᠬᠤ ᠶᠢᠨ | ᠲᠥᠯᠥᠭᠡ ᠶᠤᠮ᠂ ᠪᠢᠳᠡᠨ ᠤ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ | ᠬᠠᠷᠢᠯᠴᠠᠨ ᠨᠥᠬᠦᠪᠥᠷᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠢᠳᠡ ᠬᠦᠰᠡᠵᠦ ᠪᠠᠶᠢᠨ᠎ᠠ | ᠭᠡᠪᠡ ᠃ | ᠶᠠᠷᠢᠯᠴᠠᠬᠤ ᠳᠤᠮᠳᠠ᠂ ᠴᠤᠤ ᠳ᠋ᠠ ᠪᠦᠯᠦᠭᠯᠡᠯ ᠤᠨ ᠬᠤᠪᠢ ᠵᠠᠶᠠᠭᠠᠨ ᠤ ᠬᠤᠯᠪᠣᠭ᠎ᠠ ᠶᠢᠨ ᠬᠠᠷᠢᠭᠤᠴᠠᠯᠭᠠᠲᠠᠨ | ᠲᠥᠷᠥᠯ ᠵᠦᠶᠯ ᠢᠶᠠᠨ ᠲᠠᠨᠢᠯᠴᠠᠭᠤᠯᠤᠭᠰᠠᠨ ᠤ ᠬᠠᠮᠲᠤ ᠪᠦᠯᠦᠭᠯᠡᠯ ᠤᠨ ᠤᠬᠠᠭᠤᠯᠭ᠎ᠠ ᠶᠢᠨ ᠹᠢᠯᠢᠮ ᠢ ᠦᠵᠡᠭᠦᠯᠪᠡ᠃ | ᠬᠤᠶᠠᠷ ᠲᠠᠯ᠎ᠠ ᠪᠠᠷ ᠢᠶᠠᠨ ᠮᠠᠨᠵᠤᠤᠷ ᠤᠨ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠠᠴᠢᠶ᠎ᠠ ᠰᠣᠯᠢᠬᠤ ᠴᠢᠳᠠᠪᠤᠷᠢ | ᠶᠢ ᠳᠡᠭᠡᠭᠰᠢᠯᠡᠭᠦᠯᠬᠦ᠂ ᠡᠳ᠋ ᠪᠠᠷᠠᠭᠠᠨ ᠤ ᠭᠦᠶᠯᠭᠡᠭᠡᠨ ᠤ ᠲᠡᠭᠡᠭᠡᠪᠦᠷᠢ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ | ᠭᠦᠨᠵᠡᠭᠡᠶ ᠰᠣᠯᠢᠯᠴᠠᠪᠠ ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠨᠡᠩ ᠤᠯᠠᠨ ᠬᠠᠮᠲᠤᠷᠠᠯᠴᠠᠭᠠᠨ ᠤ ᠭᠠᠷᠳᠠᠬᠤ ᠴᠡᠭ ᠢ ᠡᠷᠢᠵᠦ᠂ ᠡᠷᠲᠡᠬᠡᠨ ᠪᠣᠳᠠᠲᠠᠢ ᠲᠦᠷᠦᠯ | ᠵᠦᠢᠯ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ | ᠬᠥᠭᠵᠢᠯᠲᠡ ᠶᠢ ᠠᠬᠢᠭᠤᠯᠬᠤ ᠪᠠᠷ ᠰᠠᠨᠠᠯ ᠨᠢᠭᠡᠳᠴᠠᠢ ᠃ | ᠳᠠᠷᠠᠭ᠎ᠠ ᠨᠢ᠂ ᠮᠠᠨ ᠤ ᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠬᠠᠮᠲᠤᠷᠠᠯᠴᠠᠭᠠᠨ ᠤ | ᠲᠣᠭᠤᠷᠢᠭ ᠲᠤᠰᠪᠤᠷᠢ ᠴᠤᠤ ᠳ᠋ᠠ ᠪᠦᠯᠦᠭᠯᠡᠯ᠂ ᠹᠦ᠋ ᠴᠠᠩ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ ᠃ | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠪᠠᠰᠠ ᠶᠢᠦ ᠨᠢ ᠺᠠᠩ ᠭᠡᠷᠡᠯ | ᠤᠨ ᠤᠬᠠᠭᠠᠨ ᠤ ᠲᠥᠷᠥᠯ ᠵᠦᠶᠯ ᠳᠤ ᠰᠢᠨᠵᠢᠯᠡᠨ ᠪᠠᠶᠢᠴᠠᠭᠠᠯᠲᠠ ᠬᠢᠪᠡ ᠃ | |