ᠲᠦᠷᠦᠭᠦᠬᠡᠨ᠂ ᠮᠠᠨ ᠤ ᠬᠤᠲᠠ《 ᠨᠠᠶᠮᠠᠳᠤᠭᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠠᠵᠢᠯ ᠢ | ᠠᠬᠢᠭᠤᠯᠬᠤ ᠬᠤᠷᠠᠯ ᠬᠤᠷᠠᠯᠳᠤᠭᠤᠯᠵᠤ᠂ 《 ᠳᠣᠯᠣᠳᠤᠭᠠᠷ ᠲᠠᠪᠤᠨ ᠵᠢᠯ 》 ᠤᠨ ᠬᠠᠤᠯᠢ ᠲᠦᠭᠡᠮᠡᠯᠵᠢᠭᠦᠯᠬᠦ ᠠᠵᠢᠯ | ᠤᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠡᠷᠭᠢᠴᠡᠭᠦᠯᠦᠨ ᠳ᠋ᠦᠩᠨᠡᠵᠦ᠂ 《 ᠨᠠᠶᠮᠠᠳᠤᠭᠠᠷ ᠲᠠᠪᠤᠨ ᠵᠢᠯ 》 | ᠤᠨ ᠬᠠᠤᠯᠢ ᠲᠦᠭᠡᠮᠡᠯᠵᠢᠭᠦᠯᠬᠦ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠪᠠ ᠃ ᠢᠤᠢ ᠸᠧᠢ ᠳ᠋ᠦᠩ᠂ ᠶᠤᠸᠠᠢ | ᠭᠦᠸᠧ ᠳ᠋ᠦᠩ᠂ ᠰᠦᠨ ᠰᠢᠶᠤᠤ ᠯᠢᠶᠠᠩ᠂ ᠸᠠᠩ ᠴᠠᠩ ᠴᠦᠨ᠂ ᠸᠠᠩ ᠰᠦᠩ ᠶᠠᠨ᠂ ᠰᠦᠢ ᠵᠢᠶᠠᠨ ᠫᠢᠩ᠂ ᠳ᠋ᠧᠩ | ᠶᠤᠸᠠᠢ ᠱᠧᠩ᠂ ᠸᠠᠩ ᠲᠤᠤ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ | ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ ᠃ | ᠬᠤᠷᠠᠯ ᠠᠴᠠ ᠮᠠᠨᠵᠤᠤᠷ ᠬᠤᠲᠠ ᠶᠢᠨ ᠬᠠᠤᠯᠢ ᠲᠦᠭᠡᠮᠡᠯᠵᠢᠭᠦᠯᠬᠦ ᠪᠠ ᠬᠠᠤᠯᠢ ᠪᠠᠷ ᠵᠠᠰᠠᠬᠤ ᠠᠵᠢᠯ ᠤᠨ | ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠠᠷᠠᠳ ᠤᠨ | ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠦᠭᠡ ᠬᠡᠯᠡᠪᠡ ᠃ | ᠬᠤᠷᠠᠯ ᠠᠴᠠ᠂ ᠪᠥᠬᠦ ᠬᠤᠲᠠ ᠪᠠᠷ ᠢᠶᠠᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ | ᠰᠤᠷᠤᠯᠴᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠤᠯᠢ ᠲᠦᠭᠡᠮᠡᠯᠵᠢᠭᠦᠯᠬᠦ ᠠᠵᠢᠯ | ᠢ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡ | ᠡᠭᠦᠷᠭᠡᠯᠡᠬᠦ ᠪᠣᠳᠣᠯ ᠢᠶᠠᠨ ᠦᠨᠡᠨ ᠬᠦ ᠴᠢᠩᠭᠠᠳᠬᠠᠵᠤ᠂ 《 ᠨᠠᠶᠮᠠᠳᠤᠭᠠᠷ ᠲᠠᠪᠤᠨ ᠵᠢᠯ 》 ᠤᠨ ᠬᠠᠤᠯᠢ | ᠲᠦᠭᠡᠮᠡᠯᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠬᠠᠤᠯᠢ ᠪᠠᠷ ᠬᠤᠲᠠ ᠪᠠᠨ ᠵᠠᠰᠠᠬᠤ ᠪᠦᠲᠦᠮᠵᠢᠲᠦ ᠴᠢᠨᠠᠷ ᠪᠣᠯᠤᠨ | ᠴᠢᠭᠯᠡᠭᠦᠯᠦᠯᠲᠦ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠠᠮᠤᠷ ᠠᠮᠤᠭᠤᠯᠠᠩ ᠮᠠᠨᠵᠤᠤᠷ᠂ ᠬᠠᠤᠯᠢᠵᠢᠯ ᠤᠨ | ᠮᠠᠨᠵᠤᠤᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ | ᠪᠣᠭᠤᠮᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠠᠤᠯᠢᠵᠢᠯ ᠤᠨ ᠪᠠᠲᠤᠯᠠᠭ᠎ᠠ | ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ ᠃ | ᠬᠤᠷᠠᠯ ᠠᠴᠠ ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ᠭᠤᠤᠯ ᠠᠵᠢᠯ ᠲᠠᠢ | ᠤᠶᠠᠯᠳᠤᠭᠤᠯᠤᠨ᠂ ᠶᠡᠭᠡ ᠲᠠᠯ᠎ᠠ ᠳᠤ ᠦᠶᠯᠡᠴᠢᠯᠡᠵᠦ᠂ ᠥᠩᠭᠡᠷᠡᠭᠰᠡᠨ ᠤ ᠬᠠᠤᠯᠢ ᠲᠦᠭᠡᠮᠡᠯᠵᠢᠭᠦᠯᠬᠦ ᠠᠵᠢᠯ ᠤᠨ | ᠰᠠᠶᠢᠨ ᠲᠤᠷᠰᠢᠯᠭ᠎ᠠ ᠶᠢᠨ ᠰᠠᠭᠤᠷᠢᠨ ᠳᠡᠭᠡᠷ᠎ᠡ᠂ ᠪᠣᠭᠤᠮᠲᠠ ᠬᠤᠲᠠ ᠶᠢᠨ ᠣᠨᠴᠠᠯᠢᠭ ᠲᠠᠢ ᠤᠶᠠᠯᠳᠤᠭᠤᠯᠤᠨ᠂ | ᠪᠠᠶᠢᠩᠭᠤᠵᠢᠭᠰᠠᠨ᠂ ᠵᠢᠷᠤᠮᠵᠢᠭᠰᠠᠨ᠂ ᠲᠥᠷᠥᠯ ᠲᠡᠮᠳᠡᠭᠵᠢᠭᠰᠡᠨ ᠬᠠᠤᠯᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ | ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠠᠬᠢᠭᠤᠯᠵᠤ᠂ ᠬᠠᠤᠯᠢ ᠲᠦᠭᠡᠮᠡᠯᠵᠢᠭᠦᠯᠬᠦ ᠠᠵᠢᠯ ᠢ ᠣᠨᠢᠨ | ᠳᠡᠭᠡᠷ᠎ᠡ ᠨᠢ ᠬᠢᠵᠦ ᠂ ᠦᠷ᠎ᠡ ᠪᠦᠲᠦᠮᠵᠢ ᠭᠠᠷᠭᠠᠵᠤ᠂ ᠬᠠᠮᠤᠭ ᠤᠨ ᠥᠷᠭᠡᠨ ᠣᠯᠠᠨ ᠠᠷᠠᠳ ᠲᠦᠮᠡᠨ ᠤ | ᠦᠨᠳᠦᠰᠦᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠶ ᠃ ᠵᠣᠬᠢᠶᠠᠨ ᠪᠠᠶᠢᠭᠤᠯᠵᠦ ᠤᠳᠤᠷᠢᠳᠬᠤ ᠠᠵᠢᠯ | ᠢᠶᠠᠨ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠵᠤ᠂ 《 ᠬᠡᠨ ᠬᠠᠤᠯᠢ | ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ 》 ᠬᠠᠷᠢᠭᠤᠴᠠᠯᠭᠠᠲᠤ ᠨᠢᠭᠡᠴᠡ ᠶᠢᠨ ᠣᠨ ᠤ ᠡᠭᠦᠷᠭᠡ ᠲᠤᠰᠢᠶᠠᠯ | ᠢᠶᠠᠨ ᠭᠦᠶᠴᠡᠳᠬᠡᠭᠰᠡᠨ ᠮᠡᠳᠡᠭᠦᠯᠦᠯᠲᠡ ᠶᠢ ᠦᠨᠡᠯᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ | ᠲᠦᠭᠡᠮᠡᠯᠵᠢᠭᠦᠯᠬᠦ ᠡᠩᠨᠡᠭᠡᠨ ᠤ ᠠᠵᠢᠯ ᠤᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ 《 ᠨᠠᠶᠮᠠᠳᠤᠭᠠᠷ ᠲᠠᠪᠤᠨ | ᠵᠢᠯ 》 ᠤᠨ ᠬᠠᠤᠯᠢ ᠲᠦᠭᠡᠮᠡᠯᠵᠢᠭᠦᠯᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨ ᠬᠦ ᠪᠠᠲᠤᠯᠠᠵᠤ᠂ ᠬᠠᠤᠯᠢᠵᠢᠯ ᠤᠨ ᠤᠬᠠᠭᠤᠯᠬᠤ ᠬᠥᠮᠦᠵᠢᠯ ᠤᠨ ᠠᠵᠢᠯ ᠢ ᠰᠢᠨ᠎ᠡ ᠪᠠᠶᠢᠳᠠᠯ ᠢ | ᠡᠭᠦᠳᠬᠦ ᠬᠡᠷᠡᠭᠲᠡᠶ ᠭᠡᠵᠦ ᠱᠠᠭᠠᠷᠳᠠᠵᠠᠢ ᠃ |