7 ᠰᠠᠷ᠎ᠠ ᠶᠢᠨ 26 ᠤ ᠡᠳᠦᠷ᠂ ᠮᠠᠨ ᠤ ᠬᠤᠲᠠ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ | ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ( ᠰᠢᠶᠠᠨ ) ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠬᠦ | ᠬᠤᠷᠠᠯ ᠬᠤᠷᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠪᠥᠬᠦ ᠬᠤᠲᠠ ᠶᠢᠨ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠦᠵᠡᠯ ᠰᠠᠨᠠᠭ᠎ᠠ ᠪᠠᠨ ᠨᠢᠭᠡᠳᠬᠡᠬᠦ᠂ ᠲᠠᠨᠢᠯᠲᠠ ᠪᠠᠨ ᠳᠡᠭᠡᠭᠰᠢᠯᠡᠭᠦᠯᠬᠦ᠂ | ᠢᠲᠡᠭᠡᠯ ᠵᠣᠷᠢᠭ ᠢᠶᠠᠨ ᠪᠠᠲᠤᠳᠬᠠᠬᠤ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠮᠠᠨ ᠤ ᠬᠤᠲᠠ ᠶᠢᠨ ᠬᠢᠲᠠᠳ ᠡᠮ | ᠡᠮᠨᠡᠯᠭᠡ ( ᠮᠣᠩᠭᠤᠯ ᠡᠮ ᠡᠮᠨᠡᠯᠭᠡ ) ᠶᠢᠨ ᠠᠵᠢᠯ ᠢ ᠨᠠᠩ ᠰᠠᠶᠢᠨ ᠨᠠᠩ ᠲᠦᠷᠭᠡᠨ ᠬᠥᠭᠵᠢᠭᠦᠯᠬᠦ ᠶᠢ ᠭᠦᠨᠵᠡᠭᠡᠶ | ᠠᠬᠢᠭᠤᠯᠪᠠ ᠃ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ | ᠡᠮ ᠡᠮᠨᠡᠯᠭᠡ ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ( ᠰᠢᠶᠠᠨ ) ᠶᠢ ᠡᠭᠦᠳᠦᠨ ᠪᠠᠶᠢᠭᠤᠯᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠭᠦᠸᠧ ᠰᠢᠶᠤᠤ ᠹᠠᠩ ᠬᠤᠷᠠᠯ ᠳᠤ ᠣᠷᠣᠯᠴᠠᠪᠠ ᠃ | ᠬᠤᠷᠠᠯ ᠠᠴᠠ 《 ᠮᠠᠨᠵᠤᠤᠷ ᠬᠤᠲᠠ ᠶᠢᠨ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ | ᠶᠢᠨ ᠠᠵᠢᠯ ᠤᠨ ᠵᠢᠱᠢᠶ᠎ᠡ ᠦᠵᠡᠭᠦᠯᠬᠦ ᠬᠤᠲᠠ ( ᠰᠢᠶᠠᠨ ) ᠶᠢ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ 》 | ᠳᠤ ᠲᠠᠶᠢᠯᠤᠮᠵᠢ ᠬᠢᠪᠠ ᠃ | ᠭᠦᠸᠧ ᠰᠢᠶᠣᠤ ᠹᠠᠩ ᠮᠠᠨ ᠤ ᠬᠤᠲᠠ ᠪᠥᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ | ᠠᠵᠢᠯ ᠤᠨ ᠵᠢᠱᠢᠶ᠎ᠡ ᠦᠵᠡᠭᠦᠯᠬᠦ ᠬᠤᠲᠠ ( ᠰᠢᠶᠠᠨ ) ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠭᠰᠡᠨ ᠨᠢ | ᠶᠡᠷᠦᠩᠬᠡᠶ ᠱᠦᠵᠢ ᠰᠢ ᠶᠢᠨ ᠫᠢᠩ ᠤᠨ ᠬᠢᠲᠠᠳ ᠡᠮ ᠡᠮᠨᠡᠯᠭᠡ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠣᠶᠢᠷ | ᠬᠤᠲᠠ ᠵᠢᠴᠢ ᠮᠠᠨᠵᠤᠤᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠬᠢᠲᠠᠳ ᠡᠮ ᠡᠮᠨᠡᠯᠭᠡ ( | ᠮᠣᠩᠭᠤᠯ ᠡᠮ ᠡᠮᠨᠡᠯᠭᠡ ) ᠶᠢᠨ ᠠᠵᠢᠯ ᠤᠨ ᠮᠡᠷᠭᠡᠵᠢᠯ ᠤᠨ ᠲᠦᠪᠰᠢᠨ ᠪᠠ ᠦᠶᠯᠡᠴᠢᠯᠡᠭᠡᠨ ᠤ ᠴᠢᠳᠠᠪᠤᠷᠢ ᠶᠢ ᠨᠠᠩ | ᠰᠠᠶᠢᠲᠤᠷ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠪᠠᠶᠢᠳᠠᠯ ᠢ ᠲᠣᠳᠣᠷᠬᠠᠶ ᠲᠠᠨᠢᠵᠤ᠂ ᠡᠭᠦᠳᠦᠨ ᠪᠠᠶᠢᠭᠤᠯᠬᠤ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠨᠡᠮᠡᠭᠳᠡᠭᠦᠯᠬᠦ ᠬᠡᠷᠡᠭᠲᠡᠶ ᠃ ᠰᠡᠳᠬᠢᠴᠡ | ᠪᠠᠨ ᠰᠢᠯᠤᠭᠤᠳᠬᠠᠵᠤ᠂ ᠵᠣᠬᠢᠶᠠᠨ ᠪᠠᠶᠢᠭᠤᠯᠵᠦ ᠤᠳᠤᠷᠢᠳᠬᠤ ᠠᠵᠢᠯ ᠢᠶᠠᠨ ᠴᠢᠩᠭᠠᠳᠬᠠᠵᠤ᠂ ᠣᠷᠣᠭᠤᠯᠤᠯᠲᠠ ᠶᠢᠨ | ᠪᠠᠲᠤᠯᠠᠭ᠎ᠠ ᠶᠢ ᠴᠢᠩᠭᠠᠳᠬᠠᠵᠤ᠂ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠵᠤ᠂ ᠡᠭᠦᠳᠦᠨ ᠪᠠᠶᠢᠭᠤᠯᠬᠤ ᠠᠵᠢᠯ ᠢ ᠦᠨᠡᠨ ᠬᠦ ᠪᠣᠳᠠᠲᠠᠶ | ᠳᠤ ᠨᠠᠶᠢᠳᠠᠪᠤᠷᠢᠵᠢᠭᠤᠯᠬᠤ ᠬᠡᠷᠡᠭᠲᠡᠶ ᠃ ᠨᠢᠮᠪᠠᠶ ᠵᠣᠬᠢᠶᠠᠨ ᠪᠠᠶᠢᠭᠤᠯᠵᠤ᠂ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠨ᠂ ᠡᠭᠦᠳᠦᠨ ᠪᠠᠶᠢᠭᠤᠯᠬᠤ ᠠᠵᠢᠯ ᠤᠨ ᠠᠮᠵᠢᠯᠲᠠ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠣᠰᠣᠭᠠᠷ᠂ | ᠬᠢᠨᠠᠨ ᠲᠣᠭᠲᠠᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠪᠣᠳᠠᠲᠠᠢ ᠠᠵᠢᠯ ᠤᠨ ᠲᠥᠰᠦᠯ ᠢ ᠲᠣᠭᠲᠠᠭᠠᠵᠤ᠂ ᠡᠭᠦᠷᠭᠡ | ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠤᠨ᠂ ᠴᠠᠭ ᠤᠨ ᠵᠠᠩᠭᠢᠯᠠᠭ᠎ᠠ ᠶᠢᠨ ᠴᠡᠭ ᠢ ᠵᠠᠪᠳᠤᠨ ᠠᠳᠬᠤᠵᠤ᠂ | ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠮᠠᠨ ᠤ ᠬᠤᠲᠠ ᠶᠢᠨ ᠬᠢᠲᠠᠳ ᠡᠮ ᠡᠮᠨᠡᠯᠭᠡ ( ᠮᠣᠩᠭᠤᠯ ᠡᠮ ᠡᠮᠨᠡᠯᠭᠡ ) ᠶᠢᠨ ᠦᠢᠯᠡᠰ | ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠬᠤ ᠬᠡᠷᠡᠭᠲᠡᠢ ᠃ |