ᠢᠦᠢ ᠸᠧᠢ ᠳ᠋ᠦᠩ  ᠵᠠᠯᠠᠶᠢᠨᠠᠭᠤᠷ  ᠲᠣᠭᠤᠷᠢᠭ ᠤᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ ᠠᠵᠢᠯ ᠢ ᠲᠤᠰᠬᠠᠢ ᠰᠡᠳᠦᠪ ᠢᠶᠠᠷ ᠲᠤᠬᠢᠷᠠᠭᠤᠯᠪᠠ
ᠨᠡᠶᠢᠲᠡᠯᠡᠭᠰᠡᠨ ᠴᠠᠭ᠄
2022/7/29
     7 ᠰᠠᠷ᠎ᠠ ᠶᠢᠨ 27 ᠤ ᠡᠳᠦᠷ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠢ ᠸᠧᠶ ᠳ᠋ᠦᠩ ᠵᠠᠯᠠᠶᠢᠨᠠᠭᠤᠷ ᠲᠣᠭᠤᠷᠢᠭ ᠲᠤ ᠬᠦᠷᠴᠦ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ  ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ ᠠᠵᠢᠯ ᠢ ᠲᠤᠰᠬᠠᠶ ᠰᠡᠳᠦᠪ ᠢᠶᠠᠷ ᠲᠣᠬᠢᠷᠠᠭᠤᠯᠪᠠ ᠃ ᠬᠤᠲᠠ ᠶᠢᠨ ᠤᠳᠤᠷᠢᠳᠤᠯᠭ᠎ᠠ ᠴᠢ ᠱᠠᠨ ᠵᠢᠶᠠᠨ᠂ ᠸᠠᠩ ᠰᠦᠩ ᠶᠠᠨ᠂ ᠰᠦᠶ ᠵᠢᠶᠠᠨ ᠫᠢᠩ᠂ ᠳ᠋ᠧᠩ ᠶᠤᠸᠠᠢ ᠱᠧᠩ᠂ ᠭᠦᠸᠧ ᠰᠢᠶᠣᠤ ᠹᠠᠩ᠂ ᠸᠧᠶ ᠬᠤᠩ  ᠢᠤᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ ᠃     ᠬᠤᠷᠠᠯ ᠠᠴᠠ ᠵᠠᠯᠠᠶᠢᠨᠠᠭᠤᠷ ᠲᠣᠭᠤᠷᠢᠭ ᠤᠨ ᠸᠠᠺᠼᠢᠨ ᠲᠠᠷᠢᠬᠤ  ᠠᠵᠢᠯ ᠢ ᠠᠬᠢᠭᠤᠯᠤᠭᠰᠠᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ ᠃     ᠢᠦᠢ ᠸᠧᠶ ᠳ᠋ᠦᠩ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ  ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ  ᠶᠢᠨ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ  ᠪᠣᠯᠬᠤ  ᠪᠦᠭᠡᠳ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠤᠯᠪᠣᠭᠳᠠᠵᠤ ᠪᠠᠶᠢᠳᠠᠭ ᠪᠣᠯᠬᠤᠷ ᠡᠷᠬᠡᠪᠰᠢ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠬᠤ ᠬᠡᠷᠡᠭᠲᠡᠶ ᠭᠡᠳᠡᠭ ᠢ ᠪᠢᠳᠡ ᠰᠡᠷᠭᠡᠭ ᠢᠶᠠᠷ ᠲᠠᠨᠢᠵᠤ  ᠮᠡᠳᠡᠬᠦ ᠬᠡᠷᠡᠭᠲᠡᠶ  ᠭᠡᠵᠦ  ᠬᠡᠯᠡᠪᠡ ᠃      ᠢᠦᠢ  ᠸᠧᠶ ᠳ᠋ᠦᠩ ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ  ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂  ᠡᠭᠦᠷᠭᠡ  ᠬᠠᠷᠢᠭᠤᠴᠠᠬᠤ ᠰᠡᠳᠬᠢᠯᠭᠡ᠂  ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠸᠠᠺᠼᠢᠨ ᠲᠠᠷᠢᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠶ ᠃ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠴᠡᠭᠡᠷᠯᠡᠬᠦ ᠡᠪᠡᠳᠴᠢᠨ  ᠲᠠᠢ ᠬᠥᠮᠦᠰ ᠢ ᠳᠠᠬᠢᠨ ᠵᠢᠭᠰᠠᠭᠠᠨ ᠪᠠᠶᠢᠴᠠᠭᠠᠵᠤ᠂ 《  ᠲᠠᠷᠢᠪᠠᠯ ᠵᠣᠬᠢᠬᠤ ᠶᠢ ᠨᠢ ᠪᠦᠬᠦᠨ ᠢ ᠲᠠᠷᠢᠬᠤ 》 ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠤᠨ ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠰᠠᠶᠢᠲᠤᠷ ᠬᠢᠵᠦ᠂ ᠣᠶᠢᠯᠠᠭᠠᠬᠤ ᠪᠠ  ᠳᠡᠮᠵᠢᠭᠦᠯᠬᠦ ᠪᠠᠷ ᠴᠢᠷᠮᠠᠶᠢᠵᠦ᠂ ᠨᠠᠰᠤᠲᠠᠶᠢᠴᠤᠳ ᠤᠨ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠬᠦ ᠬᠦᠰᠡᠯ ᠡᠷᠡᠮᠡᠯᠵᠡᠯ ᠢ ᠳᠡᠭᠡᠭᠰᠢᠯᠡᠭᠦᠯᠬᠦ ᠬᠡᠷᠡᠭᠲᠡᠶ ᠃ ᠵᠣᠬᠢᠶᠠᠨ ᠪᠠᠶᠢᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠠᠰᠤᠲᠠᠶᠢᠴᠤᠳ  ᠲᠤ ᠸᠠᠺᠼᠢᠨ ᠲᠠᠷᠢᠬᠤ ᠣᠨᠴᠠᠯᠢᠭ ᠢ ᠦᠨᠳᠦᠰᠦᠯᠡᠨ ᠲᠠᠷᠢᠯᠭ᠎ᠠ ᠬᠢᠬᠦ ᠦᠶᠯᠡᠴᠢᠯᠡᠭᠡ ᠶᠢ ᠰᠠᠶᠢᠲᠤᠷ ᠬᠢᠵᠦ᠂ ᠲᠠᠷᠢᠯᠭ᠎ᠠ ᠬᠢᠬᠦ ᠲᠥᠰᠦᠯ ᠢ ᠲᠡᠭᠦᠯᠳᠡᠷᠵᠢᠭᠦᠯᠦᠨ᠂ ᠲᠠᠷᠢᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠃  ᠬᠢᠨᠠᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠲᠠᠷᠢᠯᠭ᠎ᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠵᠤ᠂  ᠬᠢᠯᠢ ᠶᠢᠨ ᠪᠣᠭᠤᠮᠲᠠ  ᠶᠢᠨ ᠥᠯᠥ ᠬᠠᠯᠳᠠᠭᠠᠬᠤ ᠬᠠᠯᠬᠠᠪᠴᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠬᠢᠯᠪᠠᠷ ᠪᠤᠰᠤ ᠪᠠᠷ ᠣᠯᠣᠭᠰᠠᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ ᠃ 
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ