ᠬᠤᠲᠠ ᠶᠢᠨ ᠤᠳᠤᠷᠢᠳᠤᠯᠭ᠎ᠠ 《 8 ·1 》 ᠠᠴᠠ ᠡᠮᠦᠨ᠎ᠡ ᠮᠠᠨᠵᠤᠤᠷ ᠲᠤ ᠰᠠᠭᠤᠭ᠎ᠠ ᠴᠡᠷᠢᠭ ᠠᠩᠭᠢ  ᠶᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/8/1
      7 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠤᠢ ᠸᠧᠶ ᠳ᠋ᠦᠩ ᠪᠦᠯᠬᠦᠮ ᠳᠠᠭᠠᠭᠤᠯᠤᠨ  ᠮᠠᠨᠵᠤᠤᠷ ᠲᠤ ᠰᠠᠭᠤᠭ᠎ᠠ ᠴᠡᠷᠢᠭ ᠠᠩᠭᠢ ᠶᠢ ᠪᠣᠯᠭᠤᠭᠠᠨ ᠲᠣᠬᠤᠨᠢᠭᠤᠯᠵᠤ᠂ ᠴᠡᠷᠢᠭ ᠠᠩᠭᠢ ᠶᠢᠨ ᠪᠥᠬᠦ ᠳᠠᠷᠤᠭ᠎ᠠ ᠪᠠᠶᠢᠯᠳᠤᠭᠴᠢᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠲᠡᠳᠡᠨ ᠤ ᠮᠠᠨᠵᠤᠤᠷ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠳᠤ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃       ᠲᠣᠬᠤᠨᠢᠭᠤᠯᠬᠤ ᠳᠤᠮᠳᠠ ᠂  ᠢᠤᠢ ᠸᠧᠶ ᠳ᠋ᠦᠩ ᠴᠡᠷᠢᠭ ᠠᠩᠭᠢ ᠶᠢᠨ ᠠᠵᠢᠯ ᠥᠷᠨᠢᠭᠦᠯᠦᠭᠰᠡᠨ ᠪᠠᠶᠢᠳᠠᠯ  ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠦᠬᠡ ᠶᠢᠨ ᠣᠷᠳᠣᠨ ᠪᠠ ᠶᠡᠷᠦᠩᠬᠡᠶᠢᠯᠡᠭᠰᠡᠨ ᠪᠣᠯᠪᠠᠰᠤᠷᠠᠯ ᠤᠨ ᠣᠷᠳᠣᠨ ᠢ ᠲᠣᠭᠤᠷᠢᠨ ᠦᠵᠡᠪᠡ ᠃       ᠢᠤᠢ ᠸᠧᠢ ᠳ᠋ᠦᠩ᠂ ᠤᠷᠳᠤ ᠬᠤᠭᠤᠴᠠᠭᠠᠨ ᠤ ᠲᠤᠷᠰᠢ᠂ ᠮᠠᠨᠵᠤᠤᠷ ᠲᠤ ᠰᠠᠭᠤᠭ᠎ᠠ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠤᠭᠴᠢ ᠨᠤᠲᠤᠭ ᠤᠰᠤᠨ ᠠᠴᠠ ᠪᠠᠨ ᠰᠠᠯᠵᠤ᠂ ᠬᠢᠯᠢ ᠬᠢᠵᠠᠭᠠᠷ ᠢ ᠲᠤᠰᠠᠯᠠᠵᠤ᠂ ᠤᠯᠤᠰ ᠣᠷᠣᠨ ᠢᠶᠠᠨ ᠬᠠᠮᠠᠭᠠᠯᠠᠵᠤ᠂ ᠬᠢᠯᠢ ᠶᠢᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠪᠣᠯᠤᠨ ᠤᠯᠤᠰ ᠲᠦᠷᠦ ᠶᠢᠨ ᠠᠮᠤᠷ ᠲᠦᠪᠰᠢᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠵᠦ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠷᠭᠠᠭᠤ ᠴᠢᠷᠮᠠᠶᠢᠯᠭ᠎ᠠ ᠭᠠᠷᠭᠠᠪᠠ ᠃ ᠴᠡᠷᠢᠭ ᠠᠩᠭᠢ ᠥᠩᠭᠡᠷᠡᠭᠰᠡᠨ ᠲᠠᠢ ᠪᠠᠨ ᠠᠳᠠᠯᠢ ᠪᠠᠷ ᠮᠠᠨᠵᠤᠤᠷ ᠤᠨ ᠡᠯ᠎ᠡ ᠵᠦᠶᠯ ᠤᠨ ᠠᠵᠢᠯ ᠦᠶᠯᠡᠰ ᠤᠨ ᠬᠥᠭᠵᠢᠯᠲᠡ ᠶᠢ ᠳᠡᠮᠵᠢᠵᠦ᠂ ᠣᠷᠣᠨ ᠨᠤᠲᠤᠭ ᠲᠠᠢ ᠬᠠᠮᠲᠤ ᠪᠠᠷ 《 ᠬᠤᠶᠠᠷ ᠢ ᠬᠦᠷᠢᠶᠡᠯᠡᠬᠦ ᠵᠢᠱᠢᠶᠡᠴᠢ ᠬᠤᠲᠠ 》 ᠶᠢᠨ ᠢᠷᠠᠭᠤ ᠠᠯᠳᠠᠷ ᠢ ᠦᠷᠭᠦᠯᠵᠢᠯᠡᠨ ᠪᠠᠲᠤᠯᠠᠵᠤ᠂ ᠦᠵᠡᠰᠬᠦᠯᠡᠩᠲᠦ ᠰᠠᠶᠢᠬᠠᠨ  ᠨᠡᠭᠡᠭᠡᠯᠲᠡ  ᠪᠦᠬᠦᠢ  ᠴᠡᠴᠡᠭᠯᠡᠨ ᠬᠥᠭᠵᠢᠭᠰᠡᠨ ᠵᠣᠯ ᠵᠢᠷᠭᠠᠯᠲᠤ ᠮᠠᠨᠵᠤᠤᠷ ᠢ ᠪᠥᠲᠥᠭᠡᠨ ᠪᠠᠶᠢᠭᠤᠯᠬᠤ ᠳᠤ ᠪᠠᠲᠤᠯᠠᠭ᠎ᠠ ᠬᠠᠩᠭᠠᠬᠤ ᠶᠢ  ᠪᠢᠳᠡ ᠬᠦᠰᠡᠵᠦ ᠪᠠᠶᠢᠨ᠎ᠠ ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ  ᠤᠨ ᠣᠷᠳᠣᠨ 《 ᠴᠡᠷᠢᠭ ᠨᠢ ᠠᠷᠠᠳ ᠢᠶᠠᠨ ᠬᠠᠶᠢᠷᠠᠯᠠᠵᠤ ᠂ ᠠᠷᠠᠳ ᠨᠢ ᠴᠡᠷᠢᠭ ᠢᠶᠠᠨ ᠬᠦᠷᠢᠶᠡᠯᠡᠬᠦ 》 ᠢᠷᠠᠭᠤ ᠠᠯᠳᠠᠷᠲᠤ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ᠂ ᠥᠷᠭᠡᠨ ᠣᠯᠠᠨ ᠳᠠᠷᠤᠭ᠎ᠠ ᠪᠠᠶᠢᠯᠳᠤᠭᠴᠢᠳ ᠲᠤ ᠰᠠᠶᠢᠨ ᠰᠠᠶᠢᠬᠠᠨ ᠠᠵᠢᠯ ᠠᠮᠢᠳᠤᠷᠠᠯ ᠤᠨ ᠣᠷᠴᠢᠨ ᠲᠣᠭᠤᠷᠢᠨ  ᠢ ᠡᠭᠦᠳᠦᠨ ᠥᠭᠴᠦ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ᠂ ᠴᠡᠷᠢᠭ ᠠᠷᠠᠳ ᠠᠭᠤᠰᠤᠯᠴᠠᠭᠰᠠᠨ ᠰᠢᠨ᠎ᠡ ᠬᠠᠭᠤᠳᠠᠰᠤ ᠶᠢ ᠰᠠᠶᠢᠲᠤᠷ ᠪᠢᠴᠢᠭᠯᠡᠨ᠎ᠡ  ᠭᠡᠵᠦ  ᠬᠡᠯᠡᠪᠡ ᠃      ᠴᠡᠷᠢᠭ ᠠᠩᠭᠢ ᠶᠢᠨ ᠬᠠᠷᠢᠭᠤᠴᠠᠯᠭᠠᠲᠠᠨ ᠠᠴᠠ᠂ ᠨᠠᠮ ᠤᠨ ᠵᠢᠯᠣᠭᠤᠳᠣᠯᠭ᠎ᠠ ᠶᠢ ᠳᠠᠭᠠᠬᠤ᠂ ᠠᠷᠠᠳ ᠲᠦᠮᠡᠨ  ᠳᠤ ᠦᠶᠯᠡᠴᠢᠯᠡᠬᠦ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠣᠷᠣᠨ ᠨᠤᠲᠤᠭ ᠤᠨ ᠪᠥᠲᠥᠭᠡᠨ ᠪᠠᠶᠢᠭᠤᠯᠤᠯᠲᠠ ᠳᠤ ᠨᠠᠩ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠣᠷᠣᠯᠴᠠᠬᠤ ᠪᠠ ᠳᠡᠮᠵᠢᠵᠦ ᠂ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠷᠣᠨ ᠨᠤᠲᠤᠭ ᠤᠨ ᠠᠵᠤ ᠠᠬᠤᠶ ᠪᠣᠯᠤᠨ ᠡᠯ᠎ᠡ ᠵᠦᠶᠯ  ᠤᠨ ᠠᠵᠢᠯ ᠦᠶᠯᠡᠰ ᠤᠨ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠪᠡ ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ  ᠤᠨ ᠤᠯᠤᠰ ᠲᠥᠷᠥ ᠶᠢᠨ ᠭᠡᠰᠢᠭᠦᠨ ᠯᠢᠶᠠᠨ ᠴᠢᠩ ᠱᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠳ᠋ᠧᠩ ᠶᠤᠸᠠᠢ ᠱᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠬᠤᠨᠢᠭᠤᠯᠬᠤ ᠳᠤ ᠣᠷᠣᠯᠴᠠᠪᠠ ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ