ᠶᠤᠸᠠᠢ ᠭᠦᠸᠧ ᠳ᠋ᠦᠩ ᠸᠠᠺᠼᠢᠨ ᠤ ᠲᠠᠷᠢᠯᠭ᠎ᠠ ᠪᠠ ᠬᠢᠵᠢᠭ ᠤᠨ  ᠪᠠᠶᠢᠳᠠᠯ  ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ  ᠬᠢᠨᠨᠠ ᠵᠢᠯᠣᠭᠤᠳᠪᠠ
ᠨᠡᠶᠢᠲᠡᠯᠡᠭᠰᠡᠨ ᠴᠠᠭ᠄
2022/8/1
    7 ᠰᠠᠷ᠎ᠠ ᠶᠢᠨ 30 ᠤ ᠡᠳᠦᠷ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠢ ᠶᠤᠸᠠᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ᠂  ᠵᠠᠯᠠᠶᠢᠨᠠᠭᠤᠷ ᠲᠣᠭᠤᠷᠢᠭ ᠤᠨ ᠭᠤᠷᠪᠠᠳᠤᠭᠠᠷ  ᠬᠡᠷᠡᠭ ᠡᠷᠬᠢᠯᠡᠬᠦ ᠭᠠᠵᠠᠷ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠪᠣᠯᠤᠨ ᠰᠢᠨ ᠺᠠᠶ ᠾᠧ ᠪᠠᠯᠭᠠᠰᠤᠨ ᠤ ᠵᠠᠰᠠᠮᠠᠯ ᠵᠠᠮ ᠤᠨ ᠪᠣᠭᠤᠮᠲᠠ ᠳᠤ ᠬᠦᠷᠴᠦ᠂ ᠸᠠᠺᠼᠢᠨ ᠤ ᠲᠠᠷᠢᠯᠭ᠎ᠠ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠤᠳᠤᠯᠵᠤ  ᠬᠢᠨᠠᠨ ᠵᠢᠯᠣᠭᠤᠳᠪᠠ ᠃     ᠴᠢ ᠱᠠᠨ ᠵᠢᠶᠠᠨ᠂ ᠸᠠᠩ ᠰᠦᠩ ᠶᠠᠨ᠂ ᠭᠦᠸᠧ ᠰᠢᠶᠤᠤ ᠹᠠᠩ᠂ ᠸᠧᠢ ᠬᠤᠩ  ᠢᠣᠢ  ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ  ᠳᠤ ᠣᠷᠣᠯᠴᠠᠵᠠᠢ ᠃      ᠲᠠ ᠣᠳᠣ ᠬᠡᠳᠦᠳᠦᠭᠡᠷ ᠲᠠᠷᠢᠯᠭ᠎ᠠ ᠬᠢᠵᠦ  ᠪᠠᠶᠢᠨ᠎ᠠ ᠪᠤᠢ︖ ᠲᠠᠷᠢᠵᠦ  ᠪᠠᠷᠠᠪᠠᠯ ᠶᠠᠮᠠᠷ ᠡᠪ ᠦᠭᠡᠢ  ᠪᠠᠶᠢᠳᠠᠯ ᠭᠠᠷᠴᠤ ᠪᠠᠶᠢᠨ᠎ᠠ ᠪᠣᠢ︖ ᠢ ᠶᠤᠸᠠᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠦᠶᠯᠡᠴᠢᠯᠡᠭᠡᠨ ᠤ ᠲᠥᠪ ᠪᠠ ᠵᠠᠯᠠᠶᠢᠨᠠᠭᠤᠷ ᠲᠣᠭᠤᠷᠢᠭ ᠤᠨ ᠭᠤᠷᠪᠠᠳᠤᠭᠠᠷ ᠬᠡᠷᠡᠭ ᠡᠷᠬᠢᠯᠡᠬᠦ ᠭᠠᠵᠠᠷ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ᠂ ᠶᠤᠸᠠᠢ ᠭᠦᠸᠧ ᠳ᠋ᠦᠩ  ᠲᠡᠨᠳᠡᠬᠢ ᠶᠢᠨ ᠡᠮᠴᠢᠯᠡᠭᠡᠨ ᠤ ᠠᠵᠢᠯᠲᠠᠨ ᠪᠠ ᠲᠠᠷᠢᠯᠭ᠎ᠠ ᠬᠢᠯᠭᠡᠵᠦ ᠪᠠᠶᠢᠬᠤ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠥᠬᠦᠶ ᠪᠠᠶᠢᠳᠠᠯ ᠢ ᠨᠠᠷᠢᠨ ᠣᠶᠢᠯᠠᠭᠠᠪᠠ ᠃ ᠶᠤᠸᠠᠢ ᠭᠦᠸᠧ ᠳ᠋ᠦᠩ᠂  ᠪᠦᠬᠦ ᠬᠤᠳᠠ ᠶᠢᠨ ᠡᠯ᠎ᠡ ᠨᠢᠭᠡᠴᠢ ᠪᠣᠯᠤᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠠᠮᠲᠤ ᠶᠢᠨ ᠴᠢᠷᠮᠠᠶᠢᠯᠭ᠎ᠠ ᠪᠠᠷ᠂ ᠥᠷᠭᠡᠨ ᠤᠯᠠᠨ ᠲᠦᠮᠡᠨ ᠤ ᠢᠳᠡᠪᠬᠢᠲᠡᠢ ᠬᠠᠮᠵᠢᠯᠴᠠᠭ᠎ᠠ ᠪᠠᠷ᠂ ᠮᠠᠨ ᠤ ᠬᠤᠳᠠ ᠶᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ ᠠᠵᠢᠯ ᠤᠷᠤᠭᠰᠢᠲᠠᠢ ᠶᠠᠪᠤᠭᠳᠠᠵᠤ ᠪᠠᠶᠢᠨ᠎ᠠ ᠃ ᠬᠤᠶᠢᠰᠢᠳᠠ ᠶᠢᠨ ᠠᠵᠢᠯ ᠤᠨ ᠳᠤᠮᠳᠠ ᠦᠷᠭᠦᠯᠵᠢᠯᠡᠨ ᠰᠠᠶᠢᠨ ᠰᠠᠶᠢᠬᠠᠨ ᠪᠠᠶᠢᠳᠠᠯ ᠢᠶᠠᠨ ᠪᠠᠷᠢᠮᠲᠠᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠬᠠᠷᠠᠯᠲᠠ  ᠪᠠᠨ ᠴᠢᠩᠭ᠎ᠠ ᠡᠵᠡᠮᠳᠡᠨ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠲᠠᠷᠢᠯᠭ᠎ᠠ ᠳᠠᠷᠢᠬᠤ ᠬᠦᠰᠡᠯ ᠰᠠᠨᠠᠭ᠎ᠠ ᠶᠢ ᠳᠡᠭᠡᠭᠰᠢᠯᠡᠭᠦᠯᠦᠨ᠂ ᠡᠯ᠎ᠡ ᠲᠠᠯ᠎ᠠ  ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠪᠣᠭᠤᠮᠲᠠ  ᠶᠢᠨ ᠭᠠᠵᠠᠷ ᠣᠷᠣᠨ ᠤ ᠪᠥᠬᠦ ᠠᠷᠠᠳ ᠤᠨ ᠡᠪᠡᠳᠴᠢᠨ‌ᠥᠯᠥ ᠬᠠᠯᠳᠠᠭᠠᠬᠤ ᠬᠠᠯᠬᠠᠪᠴᠢ ᠶᠢ ᠦᠨᠡᠨᠬᠦ ᠪᠠᠬᠢᠵᠢᠭᠦᠯᠬᠦ  ᠬᠡᠷᠡᠭᠲᠡᠢ  ᠭᠡᠵᠦ  ᠵᠢᠭᠠᠵᠦ  ᠭᠠᠷᠭᠠᠪᠠ᠃     ᠶᠤᠸᠠᠢ ᠭᠦᠸᠧ ᠳ᠋ᠦᠩ ᠳᠠᠷᠠᠭ᠎ᠠ ᠨᠢ ᠰᠢᠨ ᠺᠠᠶ ᠾᠧ ᠪᠠᠯᠭᠠᠰᠤᠨ ᠤ ᠵᠠᠰᠠᠮᠠᠯ ᠵᠠᠮ ᠤᠨ ᠪᠣᠭᠤᠮᠲᠠ ᠳᠤ ᠬᠦᠷᠴᠦ ᠂ ᠬᠤᠲᠠ ᠳᠤ ᠣᠷᠣᠬᠤ ᠬᠥᠮᠦᠰ ᠤᠨ ᠪᠥᠭᠡᠮ ᠬᠦᠴᠢᠯ ᠤᠨ  ᠪᠠᠶᠢᠴᠠᠭᠠᠯᠲᠠ ᠬᠢᠬᠦ ᠠᠵᠢᠯ ᠢ ᠣᠶᠢᠯᠠᠭᠠᠪᠠ᠃ ᠶᠤᠸᠠᠢ ᠭᠦᠸᠧ ᠳ᠋ᠦᠩ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠᠶᠢᠴᠠᠭᠠᠨ ᠰᠢᠯᠭᠠᠬᠤ ᠴᠡᠭ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠪᠠᠶᠢᠷᠢᠯᠠᠭᠤᠯᠵᠤ᠂ ᠪᠠᠶᠢᠴᠠᠭᠠᠨ ᠰᠢᠯᠭᠠᠬᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠵᠢᠯᠲᠠᠨ ᠤ ᠡᠩᠨᠡᠭᠡ ᠶᠢ ᠭᠦᠶᠴᠡᠳ ᠪᠥᠭᠡᠳ ᠴᠢᠩᠭ᠎ᠠ ᠳᠣᠭᠢᠷᠠᠭᠤᠯᠵᠤ᠂ ᠣᠳᠣᠬᠢᠴᠢᠯᠠᠭᠰᠠᠨ ᠮᠡᠳᠡᠭᠡ ᠵᠠᠩᠭᠢ ᠪᠠᠶᠢᠴᠠᠭᠠᠨ ᠰᠢᠯᠭᠠᠬᠤ ᠠᠷᠭ᠎ᠠ ᠪᠠᠷᠢᠯ ᠢ ᠲᠡᠭᠦᠯᠳᠡᠷᠵᠢᠭᠦᠯᠦᠨ᠂ ᠪᠣᠭᠤᠮᠲᠠ ᠶᠢᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠭᠴᠢᠳ ᠤᠨ ᠣᠷᠭᠢᠯ ᠦᠶ᠎ᠡ ᠶᠢ ᠪᠦᠲᠦᠮᠵᠢᠲᠡᠶ ᠠᠷᠭᠠᠴᠠᠬᠤ ᠬᠡᠷᠡᠭᠲᠡᠶ ᠃ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ᠵᠢᠭᠤᠯᠴᠢᠯᠠᠭᠰᠠᠳ ᠤᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠤ ᠬᠢᠵᠢᠭ ᠤᠨ ᠪᠠᠶᠢᠳᠠᠯ ᠢ ᠰᠡᠷᠭᠡᠶᠢᠯᠡᠬᠦ ᠠᠵᠢᠯ  ᠳᠤ  ᠦᠵᠡᠭᠦᠯᠬᠦ ᠳᠡᠮᠵᠢᠯᠭᠡ ᠪᠠ ᠬᠠᠮᠵᠢᠯᠴᠠᠭ᠎ᠠ ᠶᠢ ᠭᠦᠶᠴᠡᠳ ᠣᠯᠵᠤ᠂ ᠮᠠᠨᠵᠤᠤᠷ ᠬᠤᠲᠠ ᠶᠢᠨ ᠵᠢᠭᠤᠯᠴᠢᠯᠠᠯ ᠤᠨ ᠠᠵᠢᠯᠯᠠᠭ᠎ᠠ ᠶᠢᠨ ᠤᠷᠤᠭᠰᠢᠲᠠᠶ ᠦᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠬᠡᠷᠡᠭᠲᠡᠶ ᠭᠡᠵᠦ  ᠱᠠᠭᠠᠷᠳᠠᠵᠠᠢ ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ