ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ 2022 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠨᠠᠮ ᠤᠨ | ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠰᠦᠩ | ᠶᠠᠨ᠂ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠲᠠ ᠶᠢᠨ ᠰᠤᠷᠭᠠᠨ ᠬᠥᠮᠦᠵᠢᠯ | ᠤᠨ ᠲᠣᠪᠴᠢᠶᠠᠨ ᠤ ᠳᠠᠷᠤᠭ᠎ᠠ ᠹᠠᠨ ᠱᠤᠤ ᠬᠤᠸᠠ ᠬᠤᠷᠠᠯ ᠳᠤ ᠣᠷᠣᠯᠴᠠᠵᠠᠢ ᠃ | ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ 《 | ᠬᠤᠶᠠᠷ ᠢ ᠬᠥᠩᠭᠡᠷᠡᠭᠦᠯᠬᠦ》 ᠠᠵᠢᠯ ᠢ ᠠᠬᠢᠭᠤᠯᠬᠤ ᠱᠠᠲᠤᠴᠢ ᠴᠢᠨᠠᠷᠲᠠᠶ ᠠᠵᠢᠯ ᠤᠨ ᠬᠠᠷᠢᠭᠤ ᠮᠡᠳᠡᠭᠦᠯᠦᠯᠲᠡ ᠪᠠ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠬᠡᠷᠡᠭᠯᠡᠬᠦ ᠶᠢ ᠠᠬᠢᠭᠤᠯᠬᠤ᠂ ᠰᠤᠷᠭᠠᠭᠤᠯᠢ ᠶᠢᠨ | ᠬᠦᠷᠢᠶᠡᠨ ᠤ ᠰᠣᠶᠣᠯ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ | ᠶᠢ ᠰᠣᠨᠣᠰᠪᠠ︔ 《 ᠮᠠᠨᠵᠤᠤᠷ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠣᠪᠴᠢᠶ᠎ᠠ | ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠣᠭᠲᠠᠴᠠ 》᠂ 《 ᠮᠠᠨᠵᠤᠤᠷ ᠬᠤᠲᠠ ᠶᠢᠨ ᠬᠢᠴᠢᠶᠡᠯ | ᠲᠦᠷᠦᠯ ᠤᠨ ᠪᠤᠰᠤ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠲᠥᠷᠥᠯ | ᠬᠤᠪᠢᠶᠠᠨ ᠬᠠᠮᠢᠶᠠᠷᠬᠤ ᠠᠵᠢᠯ ᠤᠨ ᠬᠡᠷᠡᠭᠵᠢᠭᠦᠯᠬᠦ ᠲᠥᠰᠦᠯ 》 ᠵᠡᠷᠭᠡ ᠲᠥᠰᠦᠯ ᠢ ᠰᠤᠳᠤᠯᠵᠤ ᠬᠢᠨᠠᠨ ᠵᠥᠪᠯᠡᠪᠡ ᠃ | | ᠸᠠᠩ ᠰᠦᠩ ᠶᠠᠨ ᠨᠠᠮ ᠤᠨ ᠤᠳᠤᠷᠢᠳᠤᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠰᠤᠷᠭᠠᠨ ᠬᠥᠮᠦᠵᠢᠯ | ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠡᠪ ᠴᠢᠨᠠᠷ ᠤᠨ | ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ | ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠢ ᠃ 《 ᠬᠤᠶᠠᠷ ᠢ | ᠬᠥᠩᠭᠡᠷᠡᠭᠦᠯᠬᠦ》 ᠠᠵᠢᠯ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠵᠤ᠂ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠶ ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠷᠭᠦᠯᠵᠢᠯᠡᠨ ᠪᠠᠲᠤ ᠴᠣᠭᠴᠠᠯᠠᠵᠤ᠂ | ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠤᠨ | ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠥᠪ ᠴᠢᠭᠯᠡᠯ ᠢ ᠪᠠᠷᠢᠮᠲᠠᠯᠠᠬᠤ ᠠᠭᠤᠷ ᠠᠮᠢᠰᠬᠤᠯ ᠢ ᠪᠤᠢ ᠪᠣᠯᠭᠠᠵᠤ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠰᠤᠷᠭᠠᠭᠤᠯᠢ | ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠃ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢ ᠲᠡᠷᠢᠭᠦᠨ ᠪᠠᠶᠢᠷᠢᠨ | ᠳᠤ ᠲᠠᠯᠪᠢᠵᠤ᠂ ᠰᠤᠷᠭᠠᠨ ᠬᠥᠮᠦᠵᠢᠯ ᠤᠨ ᠬᠦᠷᠢᠶᠡᠨ ᠤ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ | ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠯᠤᠰ | ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ | ᠪᠠᠶᠢᠳᠠᠯ ᠢ ᠡᠷᠡᠰ ᠬᠠᠮᠠᠭᠠᠯᠠᠬᠤ ᠬᠡᠷᠡᠭᠲᠡᠶ ᠭᠡᠵᠦ ᠵᠢᠭᠠᠵᠦ ᠭᠠᠷᠭᠠᠪᠠ᠃ | |