ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ | ᠳ᠋ᠦᠩ ᠰᠢᠲᠠᠮᠠᠬᠠᠶ ᠬᠡᠶ ᠪᠠ ᠥᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠢ ᠲᠤᠰᠬᠠᠶ ᠴᠡᠭᠴᠡᠯᠡᠨ | ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ ᠃ | ᠶᠤᠸᠠᠢ ᠭᠦᠸᠧ ᠳ᠋ᠦᠩ ᠤᠷᠢᠳ ᠬᠤᠵᠢᠳ ᠮᠠᠨ ᠤ ᠬᠤᠲᠠ ᠶᠢᠨ ᠬᠡᠰᠡᠭ ᠰᠠᠭᠤᠭᠠᠯᠢ ᠠᠷᠠᠳ ᠤᠨ ᠲᠣᠭᠤᠷᠢᠭ | ᠂ ᠢᠳᠡᠭᠡᠨ ᠤᠮᠳᠠᠭᠠᠨ ᠤ ᠲᠠᠯᠠᠪᠤᠷ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠬᠦᠷᠴᠦ᠂ ᠰᠢᠲᠠᠮᠠᠬᠠᠶ | ᠬᠡᠶ ᠶᠢᠨ ᠬᠤᠭᠤᠯᠠᠶ ᠶᠢ ᠡᠵᠡᠯᠡᠬᠦ ᠪᠠ ᠳᠠᠷᠤᠬᠤ᠂ ᠰᠠᠪᠠᠯᠠᠭᠰᠠᠨ ᠰᠢᠲᠠᠮᠠᠬᠠᠶ ᠬᠡᠶ ᠶᠢ ᠲᠣᠭᠲᠠᠭᠠᠯ ᠠᠴᠠ ᠵᠥᠷᠢᠴᠡᠨ | ᠬᠡᠷᠡᠭᠯᠡᠬᠦ ᠵᠡᠷᠭᠡ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠪᠠ ᠥᠪᠡᠷ ᠢᠶᠠᠨ ᠪᠠᠷᠢᠭᠰᠠᠨ | ᠬᠡᠷ ᠪᠠᠶᠢᠰᠢᠩ ᠤᠨ ᠠᠮᠤᠷ ᠲᠦᠪᠰᠢᠨ ᠢ ᠬᠢᠨᠠᠨ ᠲᠣᠭᠲᠠᠭᠠᠬᠤ ᠵᠢᠴᠢ ᠬᠠᠮᠢᠶ᠎ᠠ ᠪᠥᠬᠦᠶ ᠴᠡᠭᠴᠡᠯᠡᠨ ᠵᠠᠰᠠᠬᠤ ᠠᠵᠢᠯ ᠳᠤ | ᠲᠤᠬᠠᠶ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠪᠡ᠃ | ᠶᠤᠸᠠᠢ ᠭᠦᠸᠧ ᠳ᠋ᠦᠩ᠂ ᠣᠶᠢᠷ᠎ᠠ ᠶᠢᠨ ᠵᠢᠯ ᠤᠳ ᠲᠤ᠂ ᠪᠥᠬᠦ ᠤᠯᠤᠰ ᠲᠤ ᠰᠢᠲᠠᠮᠠᠬᠠᠶ ᠬᠡᠶ ᠪᠠ ᠥᠪᠡᠷ | ᠢᠶᠠᠨ ᠪᠠᠷᠢᠬᠰᠠᠨ ᠭᠡᠷ ᠪᠠᠶᠢᠰᠢᠩ ᠤᠨ ᠠᠮᠤᠷ ᠲᠦᠪᠰᠢᠨ ᠤ ᠠᠳᠡᠯ ᠪᠠᠶᠢᠨ ᠳᠠᠬᠢᠨ ᠭᠠᠷᠴᠤ᠂ ᠬᠤᠯᠪᠣᠭᠳᠠᠯ ᠪᠥᠬᠦᠶ | ᠬᠦᠷᠢᠶᠡᠨ ᠳᠠᠬᠢ ᠳᠠᠯᠳᠠ ᠬᠡᠮ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠨᠢ | ᠥᠷᠭᠡᠨ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ ᠬᠤᠯᠪᠣᠭᠳᠠᠵᠤ ᠪᠤᠢ | ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠡᠨᠡ ᠬᠦ | ᠬᠥᠪᠴᠢ ᠶᠢ ᠢᠮᠠᠭᠲᠠ ᠴᠢᠩᠭᠠᠯᠠᠵᠤ᠂ 《 ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ 》 | ᠣᠶᠢᠯᠠᠭᠠᠭᠳᠠᠬᠤᠨ ᠢ ᠪᠠᠷᠢᠮᠲᠠᠯᠠᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠵᠢᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠳᠡᠯ ᠠᠴᠠ ᠭᠦᠨᠵᠡᠭᠡᠶ | ᠰᠤᠷᠭᠠᠮᠵᠢ ᠠᠪᠴᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠨ᠂ | 《 ᠨᠢᠭᠡ ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠨᠢᠭᠡ ᠭᠠᠵᠠᠷ ᠣᠷᠣᠨ ᠤ ᠠᠮᠤᠷ ᠠᠮᠤᠭᠤᠯᠠᠩ ᠢ | ᠪᠠᠲᠤᠯᠠᠬᠤ 》 ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠶ ᠭᠡᠵᠦ ᠵᠢᠭᠠᠵᠤ | ᠭᠠᠷᠭᠠᠵᠠᠢ᠃ | ᠶᠤᠸᠠᠢ ᠭᠦᠸᠧ ᠳ᠋ᠦᠩ ᠂ ᠭᠤᠤᠯᠳᠠᠯᠭ᠎ᠠ ᠪᠣᠯᠬᠤ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ | ᠂ ᠨᠠᠩ ᠡᠷᠡᠰ ᠰᠢᠭᠤᠷᠬᠠᠶ ᠣᠪᠣᠷ ᠪᠠ ᠨᠠᠩ ᠴᠢᠩᠭ᠎ᠠ ᠠᠷᠭ᠎ᠠ ᠬᠡᠮᠵᠢᠶ᠎ᠡ ᠪᠠᠷ ᠴᠡᠭᠴᠡᠯᠡᠨ ᠵᠠᠰᠠᠬᠤ ᠠᠵᠢᠯ ᠢ ᠨᠠᠷᠢᠯᠢᠭ | ᠨᠠᠶᠢᠳᠠᠪᠤᠷᠢᠵᠢᠭᠤᠯᠵᠤ᠂ ᠪᠠᠷᠢᠨ ᠪᠠᠶᠢᠴᠠᠭᠠᠵᠤ ᠪᠠᠷᠢᠨ ᠰᠠᠶᠢᠵᠢᠷᠠᠭᠤᠯᠬᠤ᠂ ᠥᠨᠴᠥᠭ ᠪᠤᠯᠤᠩ ᠦᠯᠡᠳᠡᠭᠡᠬᠦ ᠥᠬᠡᠶ | ᠪᠠᠶᠢᠬᠤ ᠶᠢ ᠦᠨᠡᠨ ᠬᠦ ᠪᠠᠲᠤᠯᠠᠵᠤ᠂ ᠡᠯ᠎ᠡ ᠵᠦᠶᠯ ᠤᠨ ᠬᠦᠨᠳᠦ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ | ᠬᠡᠷᠡᠭᠲᠡᠶ ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠬᠠᠮᠢᠶ᠎ᠠ ᠪᠥᠬᠦᠶ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠳᠤ ᠦᠵᠡᠭᠦᠯᠬᠦ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ | ᠤᠷᠤᠭᠰᠢᠲᠠᠶ ᠪᠦᠲᠦᠮᠵᠢ ᠰᠠᠶᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠃ ᠵᠣᠬᠢᠶᠠᠨ ᠪᠠᠶᠢᠭᠤᠯᠵᠤ | ᠤᠳᠤᠷᠢᠳᠬᠤ ᠠᠵᠢᠯ ᠢᠶᠠᠨ ᠴᠢᠩᠭᠠᠳᠬᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠰᠠᠯᠠᠭ᠎ᠠ | ᠮᠥᠴᠢᠷ ᠤᠨ ᠵᠣᠬᠢᠴᠠᠯᠳᠤᠨ ᠬᠠᠮᠵᠢᠯᠴᠠᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠦᠨᠡᠨ ᠬᠦ | ᠰᠡᠷᠭᠡᠶᠢᠯᠡᠨ ᠠᠷᠢᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠪᠠ ᠮᠠᠨ ᠤ | ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠨᠡᠶᠢᠭᠡᠮ | ᠤᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ ᠃ | ᠯᠢ ᡁᠢ ᠳ᠋ᠦᠩ᠂ ᠵᠢᠶᠤᠤ ᠵᠢᠶᠧ ᠵᠡᠷᠭᠡ ᠬᠤᠲᠠ ᠶᠢᠨ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ | ᠣᠷᠣᠯᠴᠠᠪᠠ ᠃ | |