ᠶᠤᠸᠠᠢ ᠭᠦᠸᠧ ᠳ᠋ᠦᠩ ᠮᠠᠨᠵᠤᠤᠷ ᠤᠨ ᠲᠡᠮᠦᠷ ᠵᠠᠮ ᠤᠨ ᠴᠢᠩᠭᠡᠯᠢᠭᠲᠦ ᠪᠠᠷᠠᠭ᠎ᠠ ᠶᠢᠨ ᠲᠠᠯᠠᠪᠠᠢ  ᠶᠢ ᠣᠶᠤᠨᠴᠢᠯᠠᠬᠤ ᠥᠭᠡᠷᠡᠴᠢᠯᠡᠯᠲᠡ ᠶᠢᠨ ᠠᠵᠢᠯ ᠢ ᠲᠤᠰᠬᠠᠶ ᠰᠡᠳᠦᠪ ᠢᠶᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2022/8/11
     8 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠬᠤᠲᠠ ᠶᠢᠨ ᠳᠠᠷᠤᠭ᠎ᠠ ᠶᠢᠨ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨᠵᠤᠤᠷ ᠤᠨ ᠲᠡᠮᠦᠷ ᠵᠠᠮ ᠤᠨ ᠴᠢᠩᠭᠡᠯᠢᠭᠲᠦ ᠪᠠᠷᠠᠭᠠᠨ ᠤ ᠲᠠᠯᠠᠪᠠᠶ ᠶᠢ ᠤᠶᠤᠨᠴᠢᠯᠠᠬᠤ ᠥᠭᠡᠷᠡᠴᠢᠯᠡᠯᠲᠡ  ᠵᠢᠨ‌ᠠᠵᠢᠯ ᠢ ᠰᠤᠳᠤᠯᠤᠨ ᠪᠠᠶᠢᠷᠢᠯᠠᠭᠤᠯᠪᠠ ᠃      ᠬᠤᠷᠠᠯ ᠳᠡᠭᠡᠷ᠎ᠡ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠮᠠᠨᠵᠤᠤᠷ ᠤᠨ ᠬᠤᠪᠢᠶᠠᠷᠢ ᠺᠣᠮᠫᠠᠨᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠮᠠᠨᠵᠤᠤᠷ ᠤᠨ ᠲᠡᠮᠦᠷ ᠵᠠᠮ ᠤᠨ ᠴᠢᠩᠭᠡᠯᠢᠭᠲᠦ ᠪᠠᠷᠠᠭᠠᠨ ᠤ ᠲᠠᠯᠠᠪᠠᠶ ᠶᠢ ᠤᠶᠤᠨᠴᠢᠯᠠᠬᠤ ᠥᠭᠡᠷᠡᠴᠢᠯᠡᠯᠲᠡ ᠶᠢᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠦᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ ᠃ ᠣᠶᠢᠯᠠᠭᠠᠭᠰᠠᠨ ᠢᠶᠠᠷ᠂ ᠮᠠᠨᠵᠤᠤᠷ ᠤᠨ ᠲᠡᠮᠦᠷ ᠵᠠᠮ ᠤᠨ ᠴᠢᠩᠭᠡᠯᠢᠭᠲᠦ ᠪᠠᠷᠠᠭᠠᠨ  ᠤ  ᠲᠠᠯᠠᠪᠠᠢ ᠶᠢ ᠣᠶᠤᠨᠴᠢᠯᠠᠬᠤ ᠥᠭᠡᠷᠡᠴᠢᠯᠡᠯᠲᠡ ᠨᠢ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠬᠦ ᠪᠠᠷ ᠳᠠᠮᠵᠢᠭᠤᠯᠤᠨ ᠬᠥᠮᠦᠨ ᠥᠬᠡᠶ ᠠᠵᠢᠯᠯᠠᠬᠤ᠂ ᠣᠶᠤᠨᠴᠢᠯᠠᠭᠰᠠᠨ ᠦᠶᠯᠡᠳᠪᠦᠷᠢᠯᠡᠯ ᠤᠨ ᠬᠠᠮᠢᠶᠠᠷᠤᠯᠲᠠ᠂ ᠠᠦ᠋ᠲ᠋ᠣᠴᠢᠯᠠᠭᠰᠠᠨ ᠵᠢᠷᠤᠮ ᠢᠶᠠᠷ  ᠬᠥᠲᠦᠯᠦᠨ  ᠳᠠᠭᠠᠭᠤᠯᠬᠤ ᠪᠠ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ  ᠪᠦᠲᠦᠮᠵᠢ ᠰᠠᠶᠢᠲᠠᠢ  ᠬᠠᠮᠵᠢᠯᠴᠠᠭ᠎ᠠ ᠶᠢ ᠪᠡᠶᠡᠯᠡᠭᠦᠯᠬᠦ ᠪᠣᠯᠤᠨ᠎ᠠ ᠃      ᠶᠤᠸᠠᠢ ᠭᠦᠸᠧ ᠳ᠋ᠦᠩ᠂ ᠤᠶᠤᠨᠲᠤ ᠬᠢᠯᠢ ᠶᠢᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠪᠣᠯ ᠤᠯᠤᠰ ᠤᠨ 《 ᠠᠷᠪᠠᠨ ᠳᠥᠷᠪᠡᠳᠦᠭᠡᠷ ᠲᠠᠪᠤᠨ ᠵᠢᠯ 》 ᠤᠨ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠣᠳᠣᠷᠬᠠᠶ ᠱᠠᠭᠠᠷᠳᠠᠯᠭ᠎ᠠ ᠮᠥᠨ᠂  ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠶᠡᠭᠡ ᠬᠠᠨᠳᠤᠰᠢ ᠮᠥᠨ᠂ ᠨᠠᠩ ᠴᠤ  ᠬᠢᠯᠢ ᠶᠢᠨ ᠪᠣᠭᠤᠮᠲᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠬᠦᠴᠦᠲᠡᠶ ᠠᠷᠭ᠎ᠠ ᠬᠡᠮᠵᠢᠶ᠎ᠡ ᠮᠥᠨ ᠃ ᠮᠠᠨᠵᠤᠤᠷ ᠤᠨ ᠲᠡᠮᠦᠷ ᠵᠠᠮ ᠤᠨ ᠴᠢᠩᠭᠡᠯᠢᠭᠲᠦ ᠪᠠᠷᠠᠭᠠᠨ ᠤ ᠵᠠᠬ᠎ᠠ ᠳᠡᠯᠭᠡᠭᠦᠷ ᠪᠣᠯ ᠮᠠᠨ ᠤ ᠬᠤᠲᠠ ᠶᠢᠨ ᠣᠶᠤᠨᠴᠢᠯᠠᠬᠤ ᠥᠭᠡᠷᠡᠴᠢᠯᠡᠯᠲᠡ ᠬᠢᠬᠦ ᠲᠤᠷᠰᠢᠯᠲᠠ ᠶᠢᠨ ᠠᠩᠬᠠᠳᠠᠭᠴᠢ ᠲᠠᠯᠠᠪᠤᠷ ᠪᠣᠯᠤᠨ᠎ᠠ᠂ ᠬᠤᠲᠠ  ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠡᠨᠡ ᠬᠦ ᠠᠵᠢᠯ ᠢ  ᠶᠡᠬᠡᠲᠡ ᠴᠢᠬᠤᠯᠠᠴᠢᠯᠠᠵᠤ᠂ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠪᠠ ᠳᠠᠭᠠᠭᠠᠴᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠳᠤ ᠮᠠᠨᠵᠤᠤᠷ ᠤᠨ 《 ᠤᠶᠤᠨᠴᠢ 》 ᠬᠦᠴᠦᠨ ᠴᠢᠳᠠᠯ  ᠢᠶᠠᠨ ᠡᠷᠭᠦᠬᠦ ᠪᠣᠯᠤᠨ᠎ᠠ  ᠭᠡᠵᠦ  ᠵᠢᠭᠠᠵᠦ  ᠭᠠᠷᠭᠠᠵᠠᠢ᠃      ᠶᠤᠸᠠᠢ ᠭᠦᠸᠧ ᠳ᠋ᠦᠩ  ᠲᠥᠰᠦᠯ ᠤᠨ ᠵᠢᠷᠤᠭ ᠲᠥᠯᠥᠪᠯᠡᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠯᠤᠰ ᠬᠡᠲᠦ ᠶᠢ ᠪᠣᠳᠣᠯᠬᠢᠯᠠᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠢᠷᠡᠭᠡᠳᠦᠶ ᠶᠢᠨ ᠳᠤᠮᠳᠠᠳᠤ ᠣᠷᠣᠰ ᠤᠨ ᠠᠷᠠᠯᠵᠢᠶᠠᠨ ᠤ ᠲᠦᠷᠭᠡᠨ ᠨᠡᠮᠡᠭᠳᠡᠯ ᠪᠠ ᠬᠠᠭᠤᠷᠠᠶ ᠲᠡᠯᠡᠶ ᠶᠢᠨ ᠬᠠᠮᠲᠤᠷᠠᠭᠰᠠᠨ ᠲᠡᠭᠡᠭᠡᠪᠦᠷᠢ ᠶᠢᠨ ᠰᠢᠨ᠎ᠡ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠬᠦᠴᠦᠨ ᠵᠦᠶᠯ ᠢ ᠭᠦᠶᠴᠡᠳ ᠪᠣᠳᠣᠯᠬᠢᠯᠠᠨ᠂ ᠪᠣᠭᠤᠮᠲᠠ ᠵᠡᠷᠭᠡ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠰᠠᠶᠢᠲᠤᠷ ᠵᠣᠯᠭᠠᠯᠳᠤᠭᠤᠯᠵᠤ᠂  ᠬᠢᠯᠢ  ᠶᠢᠨ ᠪᠣᠭᠤᠮᠲᠠ ᠪᠠᠷ ᠥᠩᠭᠡᠷᠡᠬᠦ ᠦᠶᠯᠡᠳᠦᠯ ᠴᠢᠳᠠᠪᠤᠷᠢ ᠶᠢᠨ ᠬᠡᠷᠡᠭᠴᠡᠭᠡ ᠶᠢ  ᠪᠦᠲᠦᠮᠵᠢ ᠰᠠᠶᠢᠲᠠᠢ ᠬᠠᠩᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ ᠃ ᠠᠵᠢᠯᠯᠠᠭᠤᠯᠵᠤ ᠬᠢᠮᠠᠭᠠᠳᠠᠬᠤ ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠣᠰ ᠲᠣᠰ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠮᠲᠤᠷᠠᠯᠴᠠᠭᠠᠨ ᠤ ᠲᠣᠭᠲᠠᠴᠠ  ᠶᠢ  ᠰᠢᠨᠡᠴᠢᠯᠡᠵᠦ᠂ ᠪᠤᠰᠤᠳ ᠬᠢᠯᠢ ᠶᠢᠨ ᠪᠣᠭᠤᠮᠲᠠ ᠶᠢᠨ ᠪᠦᠲᠦᠮᠵᠢᠲᠠᠢ ᠲᠤᠷᠰᠢᠯᠭ᠎ᠠ ᠠᠷᠭ᠎ᠠ ᠬᠢᠳᠡᠯ ᠢ ᠢᠳᠡᠪᠬᠢᠲᠡᠶ ᠲᠣᠯᠢᠯᠠᠵᠤ᠂ ᠤᠶᠤᠨᠲᠤ ᠪᠣᠭᠤᠮᠲᠠ ᠶᠢᠨ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤᠮᠳᠠᠬᠢ ᠬᠦᠴᠦᠷᠬᠡᠭ ᠶᠡᠭᠡ ᠦᠶᠯᠡᠳᠦᠯ ᠢ ᠦᠨᠡᠨ ᠬᠦ ᠪᠠᠳᠠᠷᠠᠭᠤᠯᠬᠤ ᠬᠡᠷᠡᠭᠲᠡᠶ  ᠭᠡᠵᠦ ᠱᠠᠭᠠᠷᠳᠠᠵᠠᠢ ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ