ᠶᠤᠸᠠᠢ ᠭᠦᠸᠧ ᠳ᠋ᠦᠩ ᠵᠡᠪᠰᠡᠭᠲᠦ ᠴᠠᠭᠳᠠᠭ᠎ᠠ ᠶᠢᠨ ᠬᠥᠯᠥᠨ ᠪᠤᠶᠢᠷ ᠤᠨ ᠰᠠᠯᠪᠤᠷᠢ ᠠᠩᠭᠢ ᠶᠢᠨ ᠵᠢᠵᠢᠭᠦᠷᠯᠡᠬᠦ ᠳᠥᠷᠪᠡᠳᠦᠭᠡᠷ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/8/12
        8 ᠰᠠᠷ᠎ᠠ ᠶᠢᠨ 1 ᠤ ᠡᠳᠦᠷ᠂ ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠵᠡᠪᠰᠡᠭᠲᠦ ᠴᠠᠭᠳᠠᠭ᠎ᠠ ᠶᠢᠨ ᠬᠥᠯᠥᠨ ᠪᠤᠶᠢᠷ ᠤᠨ ᠰᠠᠯᠪᠤᠷᠢ ᠠᠩᠭᠢ ᠶᠢᠨ ᠵᠢᠵᠢᠭᠦᠷᠯᠡᠬᠦ ᠳᠥᠷᠪᠡᠳᠦᠭᠡᠷ ᠶᠡᠭᠡ ᠠᠩᠭᠢ ᠳᠤ ᠬᠦᠷᠴᠦ ᠲᠣᠬᠤᠨᠢᠭᠤᠯᠤᠨ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃    ᠶᠡᠭᠡ ᠠᠩᠬᠢ ᠶᠢᠨ ᠬᠠᠷᠢᠭᠤᠴᠠᠯᠭᠠᠲᠠᠨ ᠤ ᠲᠠᠨᠢᠯᠴᠠᠭᠤᠯᠭ᠎ᠠ ᠪᠠᠷ᠂ ᠶᠤᠸᠠᠢ ᠭᠦᠸᠧ ᠳ᠋ᠦᠩ ᠴᠡᠷᠢᠭ ᠠᠩᠬᠢ ᠶᠢᠨ ᠵᠡᠪᠰᠡᠭ ᠲᠣᠨᠣᠭᠯᠠᠯ ᠤᠨ ᠲᠤᠬᠢᠷᠠᠭᠤᠯᠤᠯᠳᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠰᠣᠶᠣᠯ ᠤᠨ ᠠᠮᠢᠳᠤᠷᠠᠯ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃    ᠲᠣᠬᠤᠨᠢᠭᠤᠯᠬᠤ ᠶᠠᠪᠤᠴᠠ ᠳᠤ᠂ ᠶᠤᠸᠠᠢ ᠭᠦᠸᠧ ᠳ᠋ᠦᠩ ᠵᠡᠪᠰᠡᠭᠲᠦ ᠴᠠᠭᠳᠠᠭ᠎ᠠ ᠶᠢᠨ ᠲᠦᠷᠪᠡᠨ ᠶᠡᠭᠡ ᠠᠩᠬᠢ ᠶᠢᠨ ᠤᠷᠳᠤ ᠬᠤᠭᠤᠴᠠᠭᠠᠨ ᠤ ᠲᠤᠷᠰᠢ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠶᠤᠯ ᠭᠠᠮᠰᠢᠭ ᠠᠴᠠ ᠠᠪᠤᠷᠠᠬᠤ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠪᠠᠷ ᠬᠢᠭᠰᠡᠨ ᠶᠡᠭᠡ ᠬᠡᠮᠵᠢᠶᠡᠨ ᠤ ᠠᠵᠢᠯ ᠬᠢᠭᠰᠡᠨ᠂ ᠮᠠᠨᠵᠤᠤᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠠᠲᠤᠯᠠᠬᠤ ᠳᠤ ᠲᠤᠪᠤᠶᠢᠮ᠎ᠠ ᠬᠤᠪᠢ ᠨᠡᠮᠡᠷᠢ  ᠦᠵᠡᠭᠦᠯᠦᠭᠰᠡᠨ ᠳᠤ ᠲᠠᠯᠠᠷᠬᠠᠪᠠ᠃ ᠡᠭᠦᠨ ᠤ ᠵᠡᠷᠭᠡᠴᠡᠭᠡᠪᠡᠷ ᠥᠷᠭᠡᠨ ᠤᠯᠠᠨ ᠳᠠᠷᠤᠭ᠎ᠠ ᠪᠠᠶᠢᠯᠳᠤᠭᠴᠢᠳ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ︽ᠨᠠᠮ ᠤᠨ ᠵᠢᠯᠤᠭᠤᠳᠤᠯᠭ᠎ᠠ ᠶᠢ ᠲᠠᠭᠠᠬᠤ᠂ ᠢᠯᠠᠭᠤᠭᠰᠠᠨ ᠲᠠᠶᠢᠨ ᠬᠢᠵᠦ ᠴᠢᠳᠠᠬᠤ᠂ ᠣᠪᠣᠷ ᠰᠤᠷᠲᠠᠯ ᠰᠢᠯᠢᠳᠡᠭ ᠰᠠᠶᠢᠨ︾ ᠪᠠᠶᠢᠬᠤ ᠴᠡᠷᠢᠭ ᠢ ᠬᠦᠴᠦᠷᠬᠡᠭᠵᠢᠭᠦᠯᠬᠦ ᠱᠠᠭᠠᠷᠳᠠᠯᠭ᠎ᠠ ᠶᠣᠰᠣᠭᠠᠷ᠂ ᠤᠯᠤᠰ ᠲᠦᠷᠦ ᠶᠢᠨ ᠲᠠᠯ᠎ᠠ ᠪᠠᠷ ᠬᠢᠷᠢ ᠲᠡᠩᠴᠡᠭᠰᠡᠨ᠂ ᠴᠡᠷᠢᠭ ᠤᠨ ᠶᠠᠪᠤᠳᠠᠯ ᠤᠨ ᠲᠠᠯ᠎ᠠ ᠪᠠᠷ ᠬᠠᠲᠠᠭᠤ ᠳᠠᠭᠠᠭᠠᠮᠠᠭᠠᠶ᠂ ᠰᠠᠬᠢᠯᠭ᠎ᠠ ᠪᠠᠲᠤ ᠴᠢᠩᠭ᠎ᠠ ᠪᠠᠶᠢᠬᠤ ᠶᠢ ᠪᠡᠶᠡᠯᠡᠭᠦᠯᠵᠦ᠂ ᠬᠤᠶᠢᠰᠢᠳᠠ ᠶᠢᠨ ᠠᠵᠢᠯ ᠤᠨ ᠳᠤᠮᠳᠠ ᠪᠠᠨ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠲᠠᠬᠢᠨ ᠭᠡᠷᠡᠯ ᠰᠠᠴᠤᠷᠠᠩᠭᠤᠶ ᠠᠮᠵᠢᠯᠲᠠ ᠶᠢ ᠡᠭᠦᠳᠬᠦ ᠶᠢ ᠬᠦᠰᠡᠵᠦ ᠪᠠᠶᠢᠨ᠎ᠠ᠃    ᠶᠤᠸᠠᠢ ᠭᠦᠸᠧ ᠳ᠋ᠦᠩ᠂ ᠣᠷᠣᠨ ᠨᠤᠲᠤᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠦᠬᠦ ᠬᠦᠴᠦᠨ ᠢᠶᠠᠷ ᠢᠶᠠᠨ ᠴᠡᠷᠢᠭ ᠠᠩᠬᠢ ᠳᠤ ᠪᠠᠲᠤᠯᠠᠭ᠎ᠠ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠴᠡᠷᠢᠭ ᠠᠩᠬᠢ ᠶᠢᠨ ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠢᠳᠡᠪᠬᠢᠲᠡᠢ ᠰᠢᠢᠳᠪᠦᠷᠢᠯᠡᠨ᠎ᠡ ᠭᠡᠵᠦ ᠢᠯᠡᠳᠬᠡᠪᠡ᠃ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠰᠠᠭᠤᠭ᠎ᠠ ᠭᠠᠵᠠᠷ ᠢᠶᠠᠨ ᠨᠤᠲᠤᠭ ᠤᠰᠤ ᠪᠠᠷ ᠦᠵᠡᠵᠦ᠂ ᠬᠥᠭᠵᠢᠯᠲᠡ ᠶᠢ ᠥᠪᠡᠷ ᠤᠨ ᠡᠭᠦᠷᠭᠡ ᠪᠠᠨ ᠪᠣᠯᠭᠠᠵᠤ᠂ ᠣᠷᠣᠨ ᠨᠤᠲᠤᠭ ᠤᠨ ᠬᠢᠨ ᠴᠦ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠴᠡᠷᠢᠭ ᠠᠩᠬᠢ ᠣᠷᠣᠨ ᠨᠤᠲᠤᠭ ᠭᠠᠷ ᠬᠤᠯᠪᠣᠨ ᠦᠵᠡᠰᠬᠦᠯᠡᠩᠲᠦ ᠰᠠᠶᠢᠬᠠᠨ ᠨᠡᠭᠡᠭᠡᠯᠲᠡᠲᠦ ᠬᠥᠭᠵᠢᠯ ᠴᠡᠴᠡᠭᠯᠡᠯ ᠵᠣᠯ ᠵᠢᠷᠭᠠᠯᠲᠤ ᠮᠠᠨᠵᠤᠤᠷ ᠢ ᠪᠦᠳᠦᠭᠡᠨ ᠪᠠᠶᠢᠭᠤᠯᠬᠤ ᠶᠢᠨ ᠲᠥᠯᠥᠭᠡ ᠬᠠᠮᠲᠤᠪᠠᠷ ᠴᠢᠷᠮᠠᠶᠢᠬᠤ ᠪᠣᠯᠤᠨ᠎ᠠ᠃   ᠵᠡᠪᠰᠡᠭᠲᠦ ᠴᠠᠭᠳᠠᠭ᠎ᠠ ᠶᠢᠨ ᠲᠦᠷᠪᠡᠨ ᠶᠡᠭᠡ ᠠᠩᠬᠢ ᠶᠢᠨ ᠳᠠᠷᠤᠭ᠎ᠠ ᠪᠠᠶᠢᠯᠳᠤᠭᠴᠢᠳ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠷᠠᠳ ᠤᠨ ᠴᠡᠷᠢᠭ ᠠᠩᠬᠢ ᠶᠢᠨ ᠡᠭᠦᠷᠭᠡ ᠪᠣᠯᠤᠨ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠪᠦᠬᠦ ᠬᠦᠴᠦᠨ ᠢᠶᠠᠷ ᠢᠶᠠᠨ ᠣᠷᠣᠨ ᠨᠤᠲᠤᠭ ᠤᠨ ᠪᠦᠳᠦᠭᠡᠨ ᠪᠠᠶᠢᠭᠤᠯᠤᠯᠲᠠ ᠳᠤ ᠦᠢᠯᠡᠴᠢᠯᠡᠵᠦ᠂ ᠮᠠᠨᠵᠤᠤᠷ ᠤᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ ᠭᠡᠵᠦ ᠢᠯᠡᠳᠬᠡᠪᠡ᠃    ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠩ ᠭᠦᠸᠧ ᠪᠢᠨ ᠲᠣᠬᠤᠨᠢᠭᠤᠯᠤᠯ ᠳᠤ ᠣᠷᠣᠯᠴᠠᠪᠠ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ