8 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠤᠢ ᠸᠧᠶ ᠳ᠋ᠦᠩ ᠮᠠᠨᠵᠤᠤᠷ | ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠤ ᠨᠢᠭᠡᠳᠦᠭᠡᠷ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠪᠠ ᠃ | | ᠬᠤᠷᠠᠯ ᠳᠡᠭᠡᠷ᠎ᠡ᠂ ᠲᠥᠯᠥᠭᠡᠯᠡᠭᠴᠢᠳ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠢᠳᠡᠪᠬᠢᠲᠡᠶ ᠪᠠᠷ ᠶᠠᠷᠢᠵᠠᠭᠠᠵᠦ᠂ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠵᠢᠱᠢᠭᠳᠡᠭᠰᠡᠨ | ᠲᠥᠷᠥᠯ ᠵᠦᠶᠯ ᠤᠨ ᠲᠣᠭᠤᠷᠢᠨ ᠳᠤ ᠬᠥᠭᠵᠢᠶᠡᠨᠲᠡᠢ ᠶᠠᠷᠢᠯᠴᠠᠪᠠ ᠃ | ᠢᠦᠢ ᠸᠧᠢ ᠳ᠋ᠦᠩ ᠪᠦᠭᠦᠳᠡᠭᠡᠷ ᠢᠶᠠᠨ ᠬᠦᠭᠵᠢᠶᠡᠨᠲᠡᠢ ᠶᠠᠷᠢᠯᠴᠠᠬᠰᠠᠨ ᠨᠢ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠭᠤᠤᠯᠳᠠᠯᠭ᠎ᠠ ᠪᠣᠯᠬᠤ ᠠᠵᠢᠯ ᠢ ᠬᠠᠮᠵᠢᠯᠴᠠᠨ ᠳᠡᠮᠵᠢᠵᠦ ᠪᠠᠶᠢᠬᠤ ᠶᠢ ᠭᠦᠢᠴᠡᠳ ᠬᠠᠷᠠᠭᠤᠯᠵᠦ ᠪᠠᠶᠢᠨ᠎ᠠ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠮᠠᠭᠠᠢ ᠬᠦᠯᠢᠶᠡᠨ ᠠᠪᠴᠤ᠂ ᠣᠯᠠᠨ ᠲᠦᠮᠡᠨ | ᠤ ᠬᠡᠷᠡᠭᠰᠡᠬᠦ᠂ ᠶᠠᠭᠠᠷᠠᠵᠦ ᠪᠠᠶᠢᠬᠤ᠂ ᠬᠦᠰᠡᠵᠦ ᠪᠠᠶᠢᠬᠤ ᠶᠠᠪᠤᠳᠠᠯ ᠢ ᠰᠠᠶᠢᠲᠤᠷ ᠰᠢᠶᠳᠪᠦᠷᠢᠯᠡᠬᠦ ᠪᠠᠷ | ᠡᠭᠦᠰᠦᠯᠲᠡ ᠪᠤᠯᠭᠠᠵᠦ᠂ ᠠᠵᠢᠯ ᠤᠨ ᠬᠠᠨᠳᠤᠯᠭᠠᠲᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠠᠩ | ᠢᠯᠡᠭᠦᠦ ᠪᠣᠳᠠᠲᠠᠶ ᠶᠢ ᠡᠷᠬᠢᠮᠯᠡᠬᠦ ᠣᠪᠣᠷ ᠪᠠ ᠯᠠᠪᠳᠠᠭᠤᠨ ᠪᠠᠲᠤᠲᠠᠶ ᠰᠤᠷᠲᠠᠯ ᠢᠶᠠᠷ ᠦᠵᠡᠰᠬᠦᠯᠡᠩᠲᠦ ᠰᠠᠶᠢᠬᠠᠨ | ᠨᠡᠭᠡᠭᠡᠯᠲᠡ ᠪᠦᠬᠦᠢ ᠴᠡᠴᠡᠭᠯᠡᠨ ᠬᠥᠭᠵᠢᠭᠰᠡᠨ ᠵᠣᠯ ᠵᠢᠷᠭᠠᠯᠲᠤ ᠮᠠᠨᠵᠤᠤᠷ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠦ᠂ ᠪᠣᠳᠠᠲᠤ ᠶᠠᠪᠤᠳᠠᠯ᠂ ᠰᠠᠶᠢᠨ ᠶᠠᠪᠤᠳᠠᠯ ᠢ ᠰᠠᠶᠢᠲᠤᠷ ᠪᠡᠶᠡᠯᠡᠭᠦᠯᠵᠦ᠂ ᠠᠷᠠᠳ | ᠣᠯᠠᠨ ᠳᠤ ᠦᠨᠡᠨᠬᠦ ᠠᠰᠢᠭ ᠬᠦᠷᠲᠡᠭᠡᠵᠦ᠂ ᠠᠷᠠᠳ ᠣᠯᠠᠨ ᠢ ᠬᠠᠨᠤᠮᠵᠢᠲᠠᠶ ᠪᠣᠯᠭᠠᠬᠤ ᠬᠡᠷᠡᠭᠲᠡᠢ ᠭᠡᠵᠦ ᠬᠡᠯᠡᠪᠡ ᠃ | ᠢᠦᠢ ᠸᠧᠢ ᠳ᠋ᠦᠩ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ | ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠳᠠᠪᠠᠭᠤᠯᠢᠭ ᠪᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ | ᠂ ᠮᠠᠨ ᠤ ᠬᠤᠲᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠦᠯ ᠵᠦᠢᠯ ᠢ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠢᠶᠠᠷ ᠲᠣᠭᠲᠠᠭᠠᠬᠤ ᠠᠵᠢᠯ ᠢ ᠭᠦᠨᠵᠡᠭᠡᠢ | ᠠᠬᠢᠭᠤᠯᠵᠤ᠂ ᠠᠷᠠᠳ ᠤᠨ ᠬᠤᠲᠠ ᠪᠠᠨ ᠠᠷᠠᠳ ᠪᠦᠲᠦᠭᠡᠨ ᠪᠠᠶᠢᠭᠤᠯᠬᠤ᠂ ᠠᠷᠠᠳ ᠤᠨ ᠬᠤᠲᠠ ᠪᠠᠨ ᠠᠷᠠᠳ | ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠵᠤ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ᠶᠣᠰᠣᠭᠠᠷ ᠨᠡᠶᠢᠭᠡᠮ ᠤᠨ ᠬᠡᠷᠡᠭ ᠶᠠᠪᠤᠳᠠᠯ ᠢ ᠬᠠᠮᠢᠶᠠᠷᠬᠤ ᠡᠷᠬᠡ | ᠪᠠ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠲᠥᠰᠦᠪᠯᠡᠬᠦ᠂ ᠲᠥᠯᠥᠪᠯᠡᠬᠦ᠂ ᠪᠦᠲᠦᠭᠡᠨ ᠪᠠᠶᠢᠭᠤᠯᠬᠤ᠂ | ᠳᠠᠭᠤᠰᠬᠠᠬᠤ ᠪᠦᠬᠦ ᠶᠠᠪᠤᠴᠠ ᠳᠤ ᠬᠢᠨᠠᠯᠲᠠ ᠲᠠᠯᠪᠢᠵᠤ ᠪᠠᠶᠢᠭᠠᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ | ᠤᠨ ᠲᠥᠷᠦᠯ ᠵᠦᠢᠯ ᠤᠨ ᠶᠠᠪᠤᠬᠳᠠᠬᠤ ᠶᠢ ᠠᠬᠢᠭᠤᠯᠵᠤ᠂ ᠲᠥᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ | ᠤᠨ ᠲᠥᠷᠥᠯ ᠵᠦᠶᠯ ᠢ ᠴᠤᠬᠯᠠᠭᠤᠯᠵᠦ ᠰᠣᠩᠭᠤᠬᠤ ᠠᠵᠢᠯ ᠢ ᠤᠷᠢᠳᠴᠢᠯᠠᠨ ᠲᠥᠯᠥᠪᠵᠢᠭᠦᠯᠵᠦ᠂ ᠣᠯᠠᠨ ᠲᠦᠮᠡᠨ | ᠤ ᠰᠠᠨᠠᠭ᠎ᠠ ᠲᠠᠯᠪᠢᠵᠦ ᠬᠦᠰᠡᠵᠦ ᠪᠠᠶᠢᠭ᠎ᠠ ᠴᠢᠬᠤᠯᠠ ᠶᠠᠪᠤᠳᠠᠯ᠂ ᠶᠡᠭᠡ ᠶᠠᠪᠤᠳᠠᠯ᠂ ᠪᠣᠳᠠᠲᠤ ᠶᠠᠪᠤᠳᠠᠯ ᠢ ᠰᠤᠩᠭᠤᠨ | ᠭᠠᠷᠭᠠᠬᠤ ᠬᠡᠷᠡᠭᠲᠡᠶ ᠭᠡᠵᠦ ᠬᠡᠯᠡᠵᠠᠢ ᠃ | |