ᠶᠤᠸᠠᠢ ᠭᠦᠸᠧ ᠳ᠋ᠦᠩ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2022/8/12
      8 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠮᠠᠨᠵᠤᠤᠷ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠬᠤᠶᠠᠳᠤᠭᠠᠷ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ ᠣᠷᠣᠯᠴᠠᠪᠠ ᠃      ᠶᠤᠸᠠᠢ ᠭᠦᠸᠧ ᠳ᠋ᠦᠩ ᠶᠠᠷᠢᠶᠠᠨ ᠳᠠᠭᠠᠨ᠂ ᠲᠤᠰ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ  ᠬᠤᠷᠠᠯ ᠠᠴᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠰᠤᠩᠭᠤᠭᠰᠠᠨ ᠨᠢ ᠠᠷᠠᠳ ᠲᠦᠮᠡᠨ ᠤ ᠲᠥᠯᠥᠭᠡ ᠡᠷᠬᠡ ᠮᠡᠳᠡᠵᠦ ᠪᠠᠶᠢᠭᠰᠠᠨ ᠠᠴᠠ ᠪᠠᠨ ᠠᠷᠠᠳ ᠲᠦᠮᠡᠨ ᠡᠷᠬᠡ ᠮᠡᠳᠡᠬᠦ ᠪᠣᠯᠣᠬᠰᠠᠨ ᠢ ᠭᠦᠢᠴᠡᠳ ᠬᠠᠷᠠᠭᠤᠯᠵᠠᠢ᠃  ᠰᠣᠩᠭᠤᠭᠳᠠᠭᠰᠠᠨ ᠲᠥᠷᠥᠯ ᠵᠦᠶᠯ ᠨᠢ 《 ᠠᠷᠠᠳ ᠤᠨ ᠰᠠᠨᠠᠭ᠎ᠠ ᠶᠢ ᠬᠦᠨᠳᠦᠳᠬᠡᠬᠦ᠂ ᠠᠷᠠᠳ ᠤᠨ ᠠᠮᠢᠳᠤᠷᠠᠯ ᠢ ᠳᠣᠪᠣᠶᠢᠯᠭᠠᠬᠤ᠂ ᠨᠡᠶᠢᠲᠡ ᠶᠢᠨ ᠠᠰᠠᠷᠠᠮᠵᠢ  ᠶᠢ ᠲᠡᠩᠴᠡᠭᠦᠷᠢᠲᠡᠢ ᠪᠠᠶᠢᠯᠭᠠᠬᠤ᠂ ᠴᠢᠳᠠᠯ  ᠤᠨ ᠢᠶᠠᠨ ᠴᠢᠨᠡᠭᠡ ᠪᠠᠷ ᠴᠢᠷᠮᠠᠶᠢᠬᠤ᠂  ᠪᠠᠶᠢᠳᠠᠯ ᠢᠶᠠᠨ ᠦᠵᠡᠵᠦ ᠬᠢᠬᠦ  》 ᠵᠠᠷᠴᠢᠮ ᠢ ᠵᠢᠷᠤᠮᠯᠠᠪᠠ ᠂ ᠬᠤᠷᠠᠯ ᠤᠨ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠨᠠᠩ ᠥᠨᠳᠥᠷ ᠵᠣᠭᠰᠣᠴᠠ᠂ ᠨᠠᠩ ᠰᠢᠯᠢᠳᠡᠭ ᠪᠠᠷᠢᠮᠵᠢᠶ᠎ᠠ᠂ ᠨᠠᠩ ᠲᠦᠷᠭᠡᠨ ᠠᠶᠢᠵᠠᠮ᠂ ᠨᠠᠩ ᠪᠣᠳᠠᠲᠠᠶ ᠰᠤᠷᠲᠠᠯ ᠢᠶᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠪᠡᠶᠡᠯᠡᠭᠦᠯᠵᠦ᠂ ᠲᠥᠯᠥᠭᠡᠯᠡᠭᠴᠢᠳ ᠲᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠥᠭᠭᠦᠨ᠎ᠡ ᠃ ᠡᠭᠦᠨ ᠤ ᠬᠠᠮᠲᠤ᠂ ᠬᠤᠲᠠ ᠶᠢᠨ ᠵᠠᠰᠠᠭ ᠤᠨ ᠣᠷᠳᠣᠨ ᠨᠠᠩ ᠶᠡᠭᠡ ᠡᠷᠴᠢᠮ ᠢᠶᠠᠷ ᠣᠯᠠᠨ ᠨᠡᠶᠢᠲᠡ ᠶᠢᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠠᠰᠢ ᠬᠡᠯᠪᠡᠶᠢᠯᠭᠡᠵᠦ᠂ ᠣᠯᠠᠨ ᠲᠦᠮᠡᠨ ᠤ ᠪᠠᠶᠠᠷᠯᠠᠬᠤ ᠡᠰᠡᠬᠦ᠂ ᠬᠠᠨᠤᠮᠵᠢᠲᠠᠶ ᠪᠠᠶᠢᠬᠤ ᠡᠰᠡᠬᠦ᠂ ᠬᠦᠯᠢᠶᠡᠬᠦ ᠡᠰᠡᠬᠦ ᠪᠠᠷ ᠡᠭᠦᠰᠭᠡᠯ ᠪᠠ ᠲᠡᠭᠦᠰᠬᠡᠯ ᠪᠣᠯᠭᠠᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠎ᠠ ᠭᠡᠵᠦ ᠢᠯᠡᠷᠬᠡᠶᠢᠯᠡᠵᠡᠢ       ᠡᠨᠡ ᠲᠣᠬᠢᠶᠠᠯ ᠢᠶᠠᠷ ᠶᠤᠸᠠᠢ ᠭᠦᠸᠧ ᠳ᠋ᠦᠩ  ᠬᠢᠯᠢ ᠶᠢᠨ ᠪᠣᠭᠤᠮᠲᠠ ᠶᠢᠨ ᠬᠥᠭᠵᠢᠯᠲᠡ ᠶᠢᠨ ᠬᠠᠨᠳᠤᠰᠢ ᠳᠤ ᠲᠠᠶᠢᠯᠤᠮᠵᠢ ᠬᠢᠵᠡᠶ ᠃ ᠲᠡᠷᠡ᠂  ᠬᠢᠵᠢᠭ ᠡᠭᠦᠰᠦᠭᠰᠡᠨ ᠪᠠᠶᠢᠳᠠᠯ ᠳᠣᠣᠷ᠎ᠠ᠂ ᠮᠠᠨᠵᠤᠤᠷ ᠤᠨ ᠬᠥᠭᠵᠢᠯᠲᠡ ᠠᠶᠤᠯ ᠲᠦᠭᠰᠢᠭᠦᠷᠢ ᠲᠠᠢ ᠪᠥᠭᠡᠳ ᠠᠵᠠ ᠲᠣᠬᠢᠶᠠᠯ ᠲᠠᠢ ᠪᠠᠶᠢᠨ᠎ᠠ᠂ ᠬᠢᠵᠢᠭ ᠤᠨ ᠪᠠᠶᠢᠳᠠᠯ ᠨᠢ ᠠᠵᠤ ᠠᠬᠤᠶ ᠶᠢᠨ ᠬᠥᠭᠵᠢᠯᠲᠡ ᠶᠢᠨ ᠳᠤᠲᠠᠭᠤᠳᠠᠯ ᠪᠠᠭᠤᠷᠠᠶ ᠲᠠᠯ᠎ᠠ ᠶᠢ ᠪᠢᠳᠡᠨ ᠳᠤ ᠲᠣᠳᠣᠷᠬᠠᠶ ᠦᠵᠡᠭᠦᠯᠵᠦ᠂ ᠠᠷᠠᠯᠵᠢᠶᠠᠨ ᠤ ᠬᠠᠨᠳᠤᠰᠢ ᠨᠢ ᠴᠢᠬᠤᠯᠠ ᠶᠡᠭᠡ ᠠᠵᠠ ᠲᠣᠬᠢᠶᠠᠯ ᠢ ᠠᠪᠴᠢᠷᠠᠪᠠ ᠃ ᠲᠠᠷᠠᠭᠠᠴᠢ ᠶᠢᠨ ᠠᠯᠬᠤᠮ ᠳᠤ᠂ ᠪᠢᠳᠡ ᠨᠢᠭᠡ ᠲᠠᠯ᠎ᠠ ᠪᠠᠷ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠵᠢᠵᠢᠭ ᠬᠢᠯᠢ ᠶᠢᠨ ᠪᠣᠭᠤᠮᠲᠠ ᠠᠴᠠ ᠡᠬᠡ ᠬᠠᠭᠤᠷᠠᠶ ᠶᠢᠨ ᠭᠠᠷᠠᠮ ᠳᠠᠰᠢ ᠬᠤᠪᠢᠷᠠᠭᠤᠯᠤᠨ᠎ᠠ ᠃ ᠨᠥᠭᠦᠭᠡ ᠲᠠᠯ᠎ᠠ ᠪᠠᠷ 《 ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠂ ᠨᠡᠭᠡᠭᠡᠯᠲᠡ ᠬᠢᠵᠦ ᠬᠥᠲᠥᠯᠥᠨ ᠳᠠᠭᠠᠭᠤᠯᠬᠤ᠂ ᠠᠷᠠᠯᠵᠢᠶ᠎ᠠ ᠠᠵᠤ ᠦᠶᠯᠡᠳᠪᠦᠷᠢ ᠶᠢ ᠨᠢᠭᠡ ᠴᠣᠭᠴᠠᠵᠢᠭᠤᠯᠬᠤ᠂ ᠦᠶᠯᠡᠳᠪᠦᠷᠢᠯᠡᠯ ᠵᠢᠭᠤᠯᠴᠢᠯᠠᠯ ᠢ ᠠᠭᠤᠰᠤᠯᠴᠠᠭᠤᠯᠬᠤ 》 ᠬᠥᠭᠵᠢᠯᠲᠡ ᠶᠢᠨ ᠪᠠᠶᠢᠷᠢ ᠲᠣᠭᠲᠠᠭᠠᠯᠲᠠ ᠶᠣᠰᠣᠭᠠᠷ᠂  ᠳᠡᠭᠡᠳᠦ ᠲᠠᠰ ᠤᠨ ᠴᠠᠭᠠᠰᠤ ᠬᠢᠬᠦ᠂ ᠬᠢᠮᠢ ᠶᠢᠨ ᠠᠵᠤ ᠦᠶᠯᠡᠳᠪᠦᠷᠢ᠂ ᠠᠮᠤ ᠲᠣᠰᠣ ᠪᠣᠯᠪᠠᠰᠤᠷᠠᠭᠤᠯᠬᠤ ᠨᠢᠭᠡ ᠪᠦᠯᠦᠭ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠬᠠᠮᠲᠤ᠂ ᠣᠲᠣ ᠶᠢᠨ ᠪᠠᠶᠢᠭ᠎ᠠ ᠨᠡᠭᠡᠭᠡᠯᠲᠡ ᠬᠢᠬᠦ ᠲᠠᠪᠴᠠᠩ ᠲᠠᠢ ᠣᠷᠭᠠᠨᠢᠭ ᠢᠶᠠᠷ ᠤᠶᠠᠯᠳᠤᠭᠤᠯᠵᠤ᠂ 《 ᠭᠠᠷ ᠳᠠᠮᠵᠢᠪᠠᠴᠤ ᠠᠰᠢᠭ ᠰᠢᠩᠭᠡᠬᠦ ᠦᠭᠡᠢ 》 ᠠᠰᠠᠭᠤᠳᠠᠯ  ᠢ ᠰᠢᠶᠳᠪᠦᠷᠢᠯᠡᠬᠦ ᠬᠡᠷᠡᠭᠲᠡᠶ ᠃ ᠬᠤᠶᠢᠰᠢᠳᠠ᠂ ᠬᠤᠲᠠ ᠶᠢᠨ ᠵᠠᠰᠠᠭ  ᠤᠨ ᠣᠷᠳᠣᠨ ᠥᠷᠭᠡᠨ ᠣᠯᠠᠨ ᠲᠥᠯᠥᠭᠡᠯᠡᠭᠴᠢᠳ ᠲᠠᠢ ᠬᠠᠮᠲᠤ ᠪᠠᠷ ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠮᠠᠨᠵᠤᠤᠷ ᠢ  ᠨᠠᠩ ᠰᠠᠶᠢᠨ ᠰᠠᠶᠢᠬᠠᠨ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠨ᠎ᠡ  ᠭᠡᠵᠦ  ᠬᠡᠯᠡᠵᠠᠢ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ