ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 15 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/15
      ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2022 ᠣᠨ ᠤ 15 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ 7 ᠰᠠᠷ᠎ᠠ ᠶᠢᠨ 28 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃       ᠬᠤᠷᠠᠯ ᠠᠴᠠ  ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠵᠠᠰᠠᠯᠲᠠ᠂ 《 ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ 》 ᠲᠤᠬᠠᠢ  ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠬᠤ ᠶᠢ ᠪᠡᠶᠡᠯᠡᠭᠦᠯᠵᠦ᠂  ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂  ᠪᠠᠴᠢᠮ ᠪᠠᠶᠢᠳᠠᠯ ᠢ ᠠᠷᠭᠠᠴᠠᠭᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠵᠠᠰᠠᠯᠲᠠ ᠵᠡᠷᠭᠡ ᠡᠯ᠎ᠡ ᠵᠦᠶᠯ ᠤᠨ ᠠᠵᠢᠯ ᠢ  ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠥᠷᠨᠢᠭᠦᠯᠵᠦ᠂ ᠴᠡᠷᠢᠭ ᠵᠠᠰᠠᠭ ᠴᠡᠷᠢᠭ ᠠᠷᠠᠳ  ᠪᠦᠯᠬᠦᠮᠳᠡᠭᠰᠡᠨ  ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠂ ᠠᠵᠤ ᠠᠬᠤᠶ  ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ  ᠪᠠᠶᠢᠯᠭᠠᠬᠤ ᠱᠠᠭᠠᠷᠳᠠᠯᠭ᠎ᠠ ᠶᠢ  ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠢᠮᠠᠭᠲᠠ ᠭᠤᠶᠢᠪᠢᠰᠢ ᠦᠭᠡᠢ ᠵᠠᠮᠨᠠᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠮᠠᠨᠵᠤᠤᠷ ᠤᠨ ᠬᠦᠴᠦᠨ ᠴᠢᠳᠠᠯ ᠢᠶᠠᠨ  ᠡᠷᠭᠦᠬᠦ   ᠬᠡᠷᠡᠭᠲᠡᠢ  ᠭᠡᠵᠦ  ᠵᠢᠭᠠᠵᠦ ᠭᠠᠷᠭᠠᠪᠠ᠃      ᠬᠤᠷᠠᠯ ᠠᠴᠠ ᠪᠠᠰᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠴᠢᠮ ᠠᠷᠭᠠᠴᠠᠨ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠬᠢᠵᠢᠭ   ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠬᠠᠮᠢᠶᠠᠷᠤᠯᠲᠠ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ᠂ ᠡᠭᠦᠯᠡᠨ ᠪᠤᠳᠤᠯᠲᠠ ᠶᠢᠨ ᠲᠥᠪ ᠤᠨ ᠠᠵᠢᠯᠯᠠᠭᠤᠯᠵᠤ ᠬᠢᠮᠠᠭᠠᠳᠠᠬᠤ‌ᠦᠶᠯᠡᠴᠢᠯᠡᠭᠡ ᠵᠡᠷᠭᠡ ᠲᠥᠷᠥᠯ ᠵᠦᠶᠯ ᠢ ᠰᠤᠳᠤᠯᠤᠨ ᠬᠢᠨᠠᠨ ᠵᠥᠪᠯᠡᠪᠡ ᠃      ᠬᠤᠷᠠᠯ ᠠᠴᠠ᠂ ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠪᠣᠭᠤᠮᠲᠠ ᠶᠢᠨ ᠡᠮᠴᠢᠯᠡᠭᠡᠨ ᠤ ᠠᠪᠤᠷᠠᠨ ᠵᠠᠰᠠᠬᠤ ᠡᠮᠨᠡᠯᠭᠡ ᠶᠢᠨ ᠬᠤᠷᠢᠶ᠎ᠠ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠ ᠴᠢᠩᠬᠡᠯᠢᠭᠲᠦ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠲᠦᠷᠭᠡᠨ ᠪᠡᠶᠡᠯᠡᠭᠦᠯᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠡᠯᠡᠳᠬᠡᠭᠡᠳ ᠬᠡᠷᠡᠭᠯᠡᠬᠦ ᠥᠬᠡᠶ ᠪᠠᠶᠢᠵᠦ ᠪᠣᠯᠬᠤ ᠠᠴᠠ ᠪᠢᠰᠢ᠂ ᠬᠡᠷᠡᠭᠯᠡᠬᠦ ᠦᠶ᠎ᠡ ᠳᠤ ᠪᠡᠯᠡᠳᠬᠡᠯ ᠥᠬᠡᠶ ᠪᠠᠶᠢᠵᠦ ᠪᠣᠯᠬᠤ ᠦᠭᠡᠢ ᠵᠠᠷᠴᠢᠮ ᠢ ᠪᠠᠷᠢᠮᠲᠠᠯᠠᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠃ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠥᠭᠡᠯᠡᠨ ᠲᠤᠨᠤᠭ ᠤᠨ ᠤᠶᠤᠨᠴᠢᠯᠠᠬᠤ᠂ ᠬᠤᠷᠠᠭᠤᠯᠬᠤ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠃ ᠳ᠋ᠠᠶᠢᠲ᠋ᠠ  ᠵᠢᠨ‌‍ᠬᠥ᠋ᠮᠥᠷᠭᠡ ᠶᠢ ᠠᠵᠢᠯᠯᠠᠭᠤᠯᠤᠨ  ᠬᠢᠮᠠᠭᠠᠳᠠᠬᠤ ᠬᠠᠮᠢᠶᠠᠷᠤᠯᠲᠠ ᠪᠠ ᠲᠣᠮᠣ ᠳ᠋ᠠᠶᠢᠲ᠋ᠠ ᠶᠢ ᠵᠣᠯᠭᠠᠭᠤᠯᠬᠤ  ᠠᠵᠢᠯ ᠢ ᠰᠠᠶᠢᠲᠤᠷ ᠬᠢᠵᠦ᠂ ᠮᠠᠨ ᠤ ᠬᠤᠲᠠ ᠶᠢᠨ ᠬᠢᠵᠢᠭ  ᠪᠠᠶᠢᠳᠠᠯ ᠢ ᠰᠡᠷᠭᠡᠶᠢᠯᠡᠨ ᠡᠵᠡᠮᠳᠡᠬᠦ 《 ᠣᠶᠤᠨᠴᠢ ᠰᠡᠷᠭᠡᠶᠢᠯᠡᠯᠲᠡ ᠶᠢᠨ ᠱᠤᠭᠤᠮ 》 ᠢ ᠡᠷᠡᠰ ᠪᠠᠬᠢᠵᠢᠭᠦᠯᠬᠦ ᠬᠡᠷᠡᠭᠲᠡᠶ  ᠭᠡᠵᠦ  ᠱᠠᠭᠠᠷᠳᠠᠵᠠᠢ᠃      ᠯᠢ ᡁᠢ ᠳ᠋ᠦᠩ᠂ ᠭᠦᠸᠧ ᠰᠢᠶᠤᠤ ᠹᠠᠩ᠂ ᠸᠧᠶ ᠬᠤᠩ  ᠢᠤᠢ᠂ ᠵᠢᠶᠤᠤ ᠵᠢᠶᠧ᠂ ᠴᠧᠩ ᠭᠦᠸᠧ ᠪᠢᠨ᠂ ᠰᠥᠩ ᠵᠢᠶ ᠰᠢᠶᠠᠩ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ