ᠬᠤᠲᠠ ᠶᠢᠨ ᠵᠠᠰᠠᠭ ᠤᠨ ᠣᠷᠳᠣᠨ 2022 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/15
    ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠬᠤᠲᠠ ᠶᠢᠨ ᠵᠠᠰᠠᠭ ᠤᠨ ᠣᠷᠳᠣᠨ ᠤ 2022 ᠣᠨ ᠤ 10 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ  ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠡᠨᠧᠷᠭᠢ ᠶᠢᠨ ᠬᠤᠷᠣᠭᠳᠠᠯ ᠤᠨ 《 ᠬᠤᠣᠰ ᠬᠢᠵᠠᠭᠠᠷᠯᠠᠯ 》 ᠢ ᠪᠠᠶᠢᠷᠢᠯᠠᠭᠤᠯᠤᠨ ᠲᠣᠬᠢᠷᠠᠭᠤᠯᠵᠤ᠂ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠤᠨ ᠠᠵᠢᠯ ᠲᠥᠷᠥᠯ ᠤᠨ ᠬᠠᠮᠢᠶᠠᠷᠤᠯᠲᠠ ᠵᠢᠴᠢ ᠤᠯᠤᠰ ᠤᠨ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠨᠧᠷᠭᠢ ᠶᠢᠨ ᠬᠤᠷᠣᠭᠳᠠᠯ ᠤᠨ《  ᠬᠤᠣᠰ ᠬᠢᠵᠠᠭᠠᠷᠯᠠᠯ 》 ᠤᠨ ᠠᠵᠢᠯ ᠤᠨ ᠡᠭᠦᠷᠭᠡ ᠶᠢᠨ ᠲᠤᠯᠭᠠᠮ᠎ᠠ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠡᠨᠧᠷᠭᠢ ᠶᠢᠨ ᠬᠤᠷᠣᠭᠳᠠᠯ ᠶᠡᠬᠡᠲᠡᠶ ᠪᠠ ᠪᠣᠬᠢᠷᠲᠤᠭᠤᠯᠤᠯ ᠶᠡᠬᠡᠲᠡᠶ ᠲᠥᠷᠥᠯ ᠵᠦᠶᠯ ᠢ ᠰᠣᠬᠤᠷ ᠪᠠᠯᠠᠶ ᠪᠠᠷ ᠪᠠᠶᠢᠭᠤᠯᠵᠦ ᠡᠬᠢᠯᠡᠬᠦ ᠶᠢ ᠴᠢᠩᠭ᠎ᠠ ᠰᠡᠷᠭᠡᠶᠢᠯᠡᠨ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ  ᠲᠠᠯ᠎ᠠ ᠶᠢᠨ ᠬᠠᠮᠢᠶᠠᠷᠤᠯᠲᠠ ᠪᠣᠯᠤᠨ ᠠᠵᠤ ᠦᠶᠯᠡᠳᠪᠦᠷᠢ ᠶᠢᠨ ᠡᠨᠧᠷᠭᠢ ᠶᠢᠨ ᠬᠤᠷᠣᠭᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠵᠤ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠠᠵᠤ ᠠᠬᠤᠶᠢᠯᠠᠯ ᠤᠨ ᠪᠠᠢᠳᠠᠯ ᠳᠤ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠡᠨᠧᠷᠭᠢ ᠠᠷᠪᠢᠯᠠᠨ ᠬᠤᠷᠣᠭᠳᠠᠯ  ᠢ ᠪᠠᠭᠠᠰᠬᠠᠬᠤ ᠶᠢᠨ ᠬᠢᠨᠠᠨ ᠬᠡᠮᠵᠢᠬᠦ ᠠᠵᠢᠯ ᠢ ᠬᠦᠴᠦᠲᠡᠶ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠃ ᠠᠵᠤ  ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ ᠂ ᠲᠥᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ  ᠭᠡᠵᠦ ᠱᠠᠭᠠᠷᠳᠠᠵᠠᠢ᠃    ᠬᠤᠷᠠᠯ ᠠᠴᠠ᠂ ᠪᠦᠬᠦ ᠬᠤᠳᠠ ᠳᠠᠶᠠᠭᠠᠷ ᠢᠶᠠᠨ ᠲᠠᠶᠢᠪᠤᠰᠢᠷᠠᠬᠤ ᠦᠵᠡᠯ ᠰᠠᠨᠠᠭ᠎ᠠ᠂ ᠬᠠᠯᠰᠢᠷᠠᠬᠤ ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠶᠢ ᠪᠠᠶᠢᠩᠭᠤᠵᠢᠭᠤᠯᠬᠤ ᠠᠵᠢᠯ ᠢ ᠴᠢᠩᠭ᠎ᠠ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ ᠃ ᠦᠵᠡᠮᠵᠢ ᠶᠢᠨ ᠣᠷᠣᠨ ᠦᠵᠡᠮᠵᠢ ᠶᠢᠨ ᠴᠡᠭ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠵᠢᠭᠤᠯᠴᠢᠯᠠᠭᠰᠠᠳ ᠤᠨ ᠪᠥᠭᠡᠮ ᠬᠦᠴᠢᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠪᠥᠬᠦ ᠲᠠᠯ᠎ᠠ ᠪᠠᠷ ᠡᠵᠡᠮᠰᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠤᠷᠠᠬᠢ ᠵᠢᠭᠤᠯᠴᠢᠯᠠᠭᠰᠠᠳ ᠢ ᠲᠠᠷᠬᠠᠭᠠᠬᠤ ᠪᠠ ᠲᠥᠪᠬᠢᠨᠡᠭᠦᠯᠬᠦ ᠵᠡᠷᠭᠡ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠃ ᠡᠯ᠎ᠡ ᠠᠵᠢᠯ ᠲᠥᠷᠥᠯ ᠤᠨ ᠬᠢᠨ ᠬᠢᠵᠢᠭ  ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠲᠣᠭᠲᠠᠭᠠᠯ  ᠠᠴᠠ ᠵᠥᠷᠢᠴᠡᠭᠰᠡᠨ ᠬᠤᠳᠠᠯᠳᠤᠭᠠᠴᠢᠨ ᠡᠷᠦᠬᠡ ᠶᠢ ᠴᠢᠩᠭ᠎ᠠ ᠰᠢᠶᠳᠪᠦᠷᠢᠯᠡᠵᠦ᠂ ᠮᠠᠨ ᠤ ᠬᠤᠲᠠ ᠶᠢᠨ ᠵᠢᠭᠤᠯᠴᠢᠯᠠᠯ  ᠤᠨ ᠬᠥᠭᠵᠢᠶᠡᠨᠲᠦ ᠤᠯᠠᠷᠢᠯ ᠤᠨ ᠠᠮᠤᠷ ᠲᠦᠪᠰᠢᠨ ᠲᠣᠭᠲᠠᠭᠤᠨ ᠢᠶᠠᠷ ᠰᠡᠭᠦᠯ ᠬᠤᠷᠢᠶᠠᠬᠤ ᠶᠢ ᠪᠠᠲᠤᠯᠠᠬᠤ ᠬᠡᠷᠡᠭᠲᠡᠶ  ᠭᠡᠵᠦ  ᠵᠢᠭᠠᠵᠦ  ᠭᠠᠷᠭᠠᠪᠠ᠃     ᠬᠤᠷᠠᠯ ᠠᠴᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠥᠭᠡᠷᠡᠴᠢᠯᠡᠯᠲᠡ ᠶᠢᠨ ᠴᠢᠭᠯᠡᠯ ᠢ  ᠵᠠᠳᠠᠯᠤᠨ ᠰᠢᠨᠵᠢᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠭᠯᠡᠯ ᠪᠠ ᠠᠷᠭ᠎ᠠ ᠳᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠵᠦ᠂ ᠥᠭᠡᠷᠡᠴᠢᠯᠡᠯᠲᠡ  ᠶᠢᠨ ᠤᠷᠤᠭᠰᠢᠲᠠᠶ  ᠶᠠᠪᠤᠬᠳᠠᠬᠤ ᠶᠢ ᠢᠳᠡᠪᠬᠢᠲᠡᠶ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠢ ᠪᠣᠢ ᠪᠣᠯᠭᠠᠵᠤ᠂  ᠨᠡᠶᠢᠭᠡᠮ ᠤᠨ ᠬᠡᠷᠡᠭᠴᠡᠭᠡ ᠪᠠ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠠᠵᠤ  ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠢᠷᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠦᠢᠯᠡᠴᠢᠯᠡᠭᠡ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠮᠠᠨ ᠤ ᠬᠤᠲᠠ ᠶᠢᠨ ᠠᠵᠤ ᠠᠬᠤᠢ  ᠨᠡᠶᠢᠭᠡᠮ ᠤᠨ ᠴᠢᠨᠠᠷ  ᠰᠠᠶᠢᠲᠠᠢ ᠬᠥᠭᠵᠢᠯᠲᠡ ᠳᠤ ᠨᠠᠩ ᠣᠯᠠᠨ ᠰᠢᠯᠢᠳᠡᠭ ᠴᠢᠳᠠᠪᠤᠷᠢᠲᠠᠨ ᠢ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃     ᠯᠢ ᡁᠢ ᠳ᠋ᠦᠩ᠂ ᠭᠦᠸᠧ ᠰᠢᠶᠤᠤ ᠹᠠᠩ᠂ ᠸᠧᠶ ᠬᠤᠩ  ᠢᠤᠢ᠂ ᠴᠧᠩ ᠭᠦᠸᠧ ᠪᠢᠨ᠂ ᠰᠥᠩ ᠵᠢᠶ ᠰᠢᠶᠠᠩ ᠂ ᠹᠠᠨ ᠱᠣᠤ ᠬᠤᠸᠠ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠵᠠᠶ ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ