ᠮᠠᠨᠵᠤᠤᠷ ᠬᠤᠲᠠ ᠶᠢᠨ 2022 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ 》 | ᠶᠢᠨ ᠲᠣᠬᠢᠷᠠᠭᠤᠯᠤᠯᠲᠠ ᠶᠣᠰᠣᠭᠠᠷ᠂ 7 ᠰᠠᠷ᠎ᠠ ᠶᠢᠨ 29 ᠤ ᠡᠳᠦᠷ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ 《 ᠬᠢᠯᠢ ᠶᠢᠨ ᠪᠣᠭᠤᠮᠲᠠ ᠶᠢᠨ ᠰᠣᠶᠣᠯ ᠬᠢᠭᠡᠳ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ | ᠠᠭᠤᠰᠤᠯᠴᠠᠨ ᠬᠦᠭᠵᠢᠬᠦ ᠶᠢ ᠠᠬᠢᠭᠤᠯᠬᠤ 》 ᠲᠤᠰᠬᠠᠶ ᠰᠡᠳᠦᠪ ᠢᠶᠠᠷ ᠵᠥᠪᠯᠡᠬᠦ ᠬᠤᠷᠠᠯ ᠢ ᠬᠤᠷᠠᠯᠳᠤᠭᠤᠯᠪᠠ ᠃ | ᠬᠤᠲᠠ ᠶᠢᠨ ᠳᠡᠳ᠋ ᠳᠠᠷᠤᠭ᠎ᠠ ᠰᠥᠩ ᠵᠢᠶ ᠰᠢᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠᠩ ᡁᠢ ᠬᠤᠷᠠᠯ ᠢ ᠡᠷᠭᠢᠯᠡᠵᠦ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠪᠠ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠥᠯᠥᠨ ᠪᠣᠶᠢᠷ ᠤᠨ ᠤᠯᠤᠰ ᠲᠥᠷᠥ ᠶᠢᠨ | ᠵᠥᠪᠯᠡᠯᠭᠡᠨ ᠤ ᠮᠠᠨᠵᠤᠤᠷ ᠲᠤ ᠰᠠᠭᠤᠭ᠎ᠠ ᠬᠡᠰᠡᠭ ᠭᠡᠰᠢᠭᠦᠳ ᠬᠤᠷᠠᠯ ᠳᠤ ᠣᠷᠣᠯᠴᠠᠵᠠᠶ ᠃ | ᠬᠤᠷᠠᠯ ᠳᠡᠭᠡᠷ᠎ᠡ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ | ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠮᠠᠨ ᠤ ᠬᠤᠲᠠ ᠶᠢᠨ ᠬᠢᠯᠢ ᠶᠢᠨ ᠪᠣᠭᠤᠮᠲᠠ ᠶᠢᠨ ᠰᠣᠶᠣᠯ ᠪᠣᠯᠣᠨ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨᠠᠭᠤᠰᠤᠯᠴᠠᠨ ᠬᠦᠭᠵᠢᠬᠦ ᠶᠢ ᠠᠬᠢᠭᠤᠯᠬᠤ ᠠᠵᠢᠯ ᠤᠨ ᠶᠡᠷᠦᠩᠬᠡᠶ | ᠪᠠᠶᠢᠳᠠᠯ ᠢ ᠲᠠᠨᠢᠯᠴᠠᠭᠤᠯᠪᠠ ᠃ ᠬᠤᠷᠠᠯ ᠳᠤ ᠣᠷᠣᠯᠴᠠᠭᠰᠠᠳ ᠪᠠᠰᠠ ᠠᠵᠢᠯ ᠤᠨ ᠠᠭᠤᠯᠭ᠎ᠠ ᠪᠠ ᠮᠠᠨ ᠤ ᠬᠤᠲᠠ | ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠳᠤᠷᠠᠳᠪᠠ ᠃ | ᠰᠦᠩ ᠵᠢᠶ ᠰᠢᠶᠠᠩ᠂ ᠬᠢᠯᠢ ᠶᠢᠨ ᠪᠣᠭᠤᠮᠲᠠ ᠶᠢᠨ ᠰᠣᠶᠣᠯ ᠪᠠ ᠬᠤᠪᠢᠰᠬᠠᠯ ᠤᠨ ᠳᠤᠷᠠᠰᠬᠠᠯᠲᠤ | ᠵᠢᠭᠤᠯᠴᠢᠯᠠᠯ ᠨᠢ ᠠᠩᠬᠠᠨ ᠠᠴᠠ ᠪᠠᠨ ᠠᠭᠤᠰᠤᠯᠴᠠᠬᠤ ᠳᠠᠪᠠᠭᠤᠯᠢᠭ ᠲᠠᠢ ᠪᠠᠶᠢᠵᠤ᠂ ᠮᠠᠨᠵᠤᠤᠷ ᠨᠢ ᠣᠷᠣᠰ | ᠯᠤᠭ᠎ᠠ ᠬᠦᠷᠰᠢᠯᠡᠭᠰᠡᠨ ᠬᠢᠯᠢ ᠶᠢᠨ ᠪᠣᠭᠤᠮᠲᠠ ᠶᠢᠨ ᠳᠠᠪᠠᠭᠤᠯᠢᠭ ᠠᠴᠠ ᠪᠣᠯᠵᠣ᠂ ᠮᠠᠨ ᠤ ᠬᠤᠲᠠ ᠶᠢᠨ ᠥᠪᠡᠷᠮᠢᠴᠡ | ᠣᠨᠴᠠᠯᠢᠭ ᠪᠥᠬᠦᠶ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠡᠬᠢ ᠪᠠᠶᠠᠯᠢᠭ ᠪᠣᠶ ᠪᠣᠯᠤᠭᠰᠠᠨ ᠶᠤᠮ ᠃ | ᠡᠶᠢᠮᠦ ᠠᠴᠠ᠂ ᠡᠷᠬᠡᠪᠰᠢ ᠬᠢᠯᠢ ᠶᠢᠨ ᠪᠣᠭᠤᠮᠲᠠ ᠶᠢᠨ ᠰᠣᠶᠣᠯ ᠪᠠ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠢ | ᠭᠦᠨ ᠠᠭᠤᠰᠤᠯᠴᠠᠭᠤᠯᠵᠤ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠵᠦ᠂ ᠬᠤᠪᠢᠰᠬᠠᠯ ᠤᠨ ᠳᠤᠷᠠᠰᠬᠠᠯᠲᠤ | ᠵᠢᠭᠤᠯᠴᠢᠯᠠᠯ ᠢ ᠰᠣᠶᠣᠯ ᠤᠨ ᠵᠢᠭᠤᠯᠴᠢᠯᠠᠯ ᠤᠨ ᠠᠵᠤ ᠠᠬᠤᠢ ᠶᠢᠨ ᠬᠠᠯᠠᠮᠰᠢᠯ ᠴᠡᠭ ᠪᠠ ᠠᠵᠤ ᠠᠬᠤᠢ ᠶᠢᠨ ᠰᠢᠨ᠎ᠡ | ᠨᠡᠮᠡᠭᠳᠡᠯ ᠤᠨ ᠴᠡᠭ ᠪᠣᠯᠭᠠᠬᠤ ᠬᠡᠷᠡᠭᠲᠡᠢ ᠭᠡᠵᠦ ᠢᠯᠡᠷᠬᠡᠶᠢᠯᠡᠪᠡ ᠃ | ᠬᠤᠷᠠᠯ ᠠᠴᠠ᠂ ᠬᠤᠶᠢᠰᠢᠳᠠ ᠬᠢᠵᠢᠭ ᠤᠨ ᠪᠠᠶᠢᠳᠠᠯ ᠠᠴᠠ ᠪᠣᠯᠤᠭᠰᠠᠨ ᠨᠥᠯᠥᠭᠡ ᠶᠢ ᠲᠠᠰᠤᠷᠠᠯᠲᠠ ᠥᠬᠡᠶ | ᠢᠯᠡᠨ ᠳᠠᠪᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ | ᠢᠶᠠᠨ ᠠᠬᠢᠭᠤᠯᠵᠤ᠂ ᠰᠣᠶᠣᠯ ᠤᠨ ᠴᠢᠳᠠᠮᠵᠢ ᠶᠢ ᠴᠢᠷᠮᠠᠶᠢᠨ ᠳᠡᠭᠡᠭᠰᠢᠯᠡᠭᠦᠯᠵᠦ᠂ ᠣᠷᠣᠨ ᠪᠦᠰᠡ ᠶᠢᠨ ᠴᠢᠨᠠᠷᠲᠠᠶ | ᠳᠡᠯᠡᠬᠡᠶᠢᠵᠢᠭᠰᠡᠨ ᠪᠣᠭᠤᠮᠲᠠ ᠶᠢᠨ ᠨᠠᠷᠠᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠬᠤᠲᠠ | ᠶᠢᠨ ᠠᠵᠤ ᠠᠬᠤᠶ ᠨᠡᠶᠢᠭᠡᠮ ᠤᠨ ᠲᠣᠭᠲᠠᠭᠤᠨ ᠢᠶᠠᠷ ᠡᠷᠡᠭᠦᠯ ᠢᠶᠠᠷ ᠬᠥᠭᠵᠢᠬᠦ ᠳᠤ ᠬᠦᠴᠦᠲᠡᠶ ᠣᠶᠤᠨ ᠰᠠᠨᠠᠭᠠᠨ ᠤ | ᠬᠥᠳᠡᠯᠭᠡᠬᠦ ᠬᠦᠴᠦᠨ᠂ ᠶᠣᠰᠣ ᠰᠤᠷᠲᠠᠬᠤᠨ ᠤ ᠰᠢᠮ᠎ᠡ ᠲᠡᠵᠢᠭᠡᠯ ᠬᠠᠩᠭᠠᠵᠤ᠂ ᠮᠠᠨᠵᠤᠤᠷ ᠬᠤᠲᠠ ᠶᠢᠨ ᠪᠣᠭᠤᠮᠲᠠ | ᠶᠢᠨ ᠰᠣᠶᠣᠯ ᠪᠣᠯᠣᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠠᠭᠤᠰᠤᠯᠴᠠᠯ ᠢ ᠨᠠᠩ ᠰᠠᠶᠢᠲᠤᠷ | ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠱᠠᠭᠠᠷᠳᠠᠪᠠ ᠃ |