8 ᠰᠠᠷ᠎ᠠ ᠶᠢᠨ 1 ᠤ ᠡᠳᠦᠷ᠂ ᠮᠠᠨᠵᠤᠤᠷ ᠬᠤᠲᠠ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠬᠤᠲᠠ ᠪᠠᠷ ᠢᠶᠠᠨ ᠦᠵᠡᠯ | ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠴᠤᠭ ᠰᠦᠯᠳᠡ ᠪᠠᠨ ᠤᠯᠠᠮ ᠨᠢᠭᠡ ᠠᠯᠬᠤᠮ ᠪᠠᠳᠠᠷᠠᠭᠤᠯᠵᠤ᠂ | ᠨᠠᠩ ᠡᠷᠡᠰ ᠰᠢᠭᠤᠷᠬᠠᠢ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ᠂ ᠨᠠᠩ ᠬᠠᠲᠠᠭᠤ ᠴᠢᠩᠭ᠎ᠠ ᠰᠤᠷᠲᠠᠯ ᠢᠶᠠᠷ ᠮᠠᠨ | ᠤ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠳᠥᠯᠭᠢᠨ | ᠠᠬᠢᠭᠤᠯᠬᠤ ᠶᠢ ᠳᠠᠶᠢᠴᠢᠯᠠᠪᠠ ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠸᠠᠩ ᠴᠦᠨ ᠫᠧᠩ ᠬᠤᠷᠠᠯ ᠳᠤ ᠣᠷᠣᠯᠴᠠᠪᠠ ᠃ | ᠬᠤᠷᠠᠯ ᠳᠡᠭᠡᠷ᠎ᠡ᠂ ᠸᠠᠩ ᠴᠦᠨ ᠫᠧᠩ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ | ᠠᠩᠬᠠᠷᠬᠤ ᠴᠢᠬᠤᠯᠠᠲᠠᠢ ᠵᠦᠢᠯᠡᠰ ᠢ ᠲᠠᠨᠢᠯᠴᠠᠭᠤᠯᠵᠤ᠂ ᠠᠵᠢᠯ ᠤᠨ ᠳᠤᠮᠳᠠ ᠠᠮᠠᠷᠬᠠᠨ ᠠᠯᠳᠠᠰᠢ ᠭᠠᠷᠬᠤ ᠠᠭᠤᠯᠭ᠎ᠠ | ᠶᠢ ᠵᠢᠭᠠᠵᠤ ᠭᠠᠷᠭᠠᠭᠰᠠᠨ ᠪᠥᠭᠡᠳ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠪᠣᠯᠬᠤ ᠠᠵᠢᠯ ᠢ ᠲᠤᠬᠢᠷᠠᠭᠤᠯᠪᠠ | ᠃ | ᠸᠠᠩ ᠲᠤᠤ ᠣᠳᠣᠬᠠᠨ ᠳᠤ ᠮᠠᠨ ᠤ ᠬᠤᠲᠠ ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠠᠵᠢᠯ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠂ | ᠪᠦᠬᠦ ᠬᠤᠲᠠ ᠶᠢᠨ ᠡᠯ᠎ᠡ ᠰᠠᠯᠠᠭ᠎ᠠ ᠮᠥᠴᠢᠷ ᠤᠯᠤᠰ ᠲᠥᠷᠦ ᠶᠢᠨ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ | ᠵᠣᠷᠢᠯᠲᠠ ᠶᠢᠨ ᠤᠬᠠᠮᠰᠠᠷ ᠢᠶᠠᠨ ᠪᠠᠲᠤ ᠪᠣᠢ ᠪᠣᠯᠭᠠᠵᠤ᠂ ᠪᠠᠷᠢᠮᠵᠢᠶ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ | ᠰᠠᠨᠠᠭ᠎ᠠ ᠪᠠ ᠦᠢᠯᠡ ᠠᠵᠢᠯᠯᠠᠭ᠎ᠠ ᠪᠠᠨ ᠡᠭᠦᠳᠦᠨ ᠪᠠᠶᠢᠭᠤᠯᠬᠤ ᠠᠵᠢᠯ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠃ | ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠲᠠᠨᠢᠵᠤ᠂ ᠢᠲᠡᠭᠡᠯ ᠵᠣᠷᠢᠭ ᠢᠶᠠᠨ ᠪᠠᠲᠤᠳᠬᠠᠨ᠂ ᠲᠠᠶᠢᠪᠤᠰᠢᠷᠠᠬᠤ | ᠦᠵᠡᠯ ᠰᠠᠨᠠᠭ᠎ᠠ᠂ ᠲᠤᠷᠰᠢᠯᠭ᠎ᠠ ᠶᠢᠨ ᠦᠵᠡᠯ ᠢ ᠡᠷᠡᠰ ᠲᠡᠪᠴᠢᠵᠦ᠂ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ | ᠪᠦᠬᠦ ᠲᠠᠯ᠎ᠠ ᠪᠠᠷ ᠤᠷᠤᠭᠰᠢᠯᠠᠬᠤ ᠬᠡᠷᠡᠭᠲᠡᠢ ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠤᠣᠯ | ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ | ᠡᠬᠢ ᠪᠠᠶᠠᠯᠢᠭ ᠢ ᠵᠣᠬᠢᠰᠲᠠᠢ ᠲᠤᠬᠢᠷᠠᠭᠤᠯᠤᠨ᠂ ᠳᠠᠪᠠᠭᠤᠯᠢᠭ ᠬᠦᠴᠦᠨ ᠢᠶᠠᠨ ᠲᠥᠪᠯᠡᠷᠡᠭᠦᠯᠵᠦ᠂ ᠡᠯ᠎ᠡ ᠵᠦᠢᠯ ᠤᠨ | ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ ᠃ ᠰᠢᠯᠭᠠᠨ ᠪᠠᠶᠢᠴᠠᠭᠠᠵᠤ ᠬᠠᠷᠢᠭᠤᠴᠠᠯᠭ᠎ᠠ | ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠡᠭᠦᠳᠦᠨ ᠪᠠᠶᠢᠭᠤᠯᠬᠤ ᠠᠵᠢᠯ ᠤᠨ ᠬᠠᠷᠠᠯᠲᠠᠲᠤ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠪᠣᠯᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠪᠠᠭᠤᠷᠠᠶ ᠭᠤᠭᠴᠤᠭ᠎ᠠ ᠳᠤ ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠤᠲᠠᠭᠤᠳᠠᠯ ᠢᠶᠠᠨ | ᠨᠥᠬᠦᠪᠥᠷᠢᠯᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ | ᠬᠡᠷᠡᠭᠲᠡᠶ ᠃ ᠴᠠᠭ ᠪᠢᠳᠡᠨ ᠢ ᠬᠦᠯᠢᠶᠡᠬᠦ ᠦᠭᠡᠢ ᠭᠡᠬᠦ ᠲᠤᠯᠭᠠᠮ᠎ᠠ ᠪᠤᠳᠤᠯ᠂ ᠬᠠᠷᠢᠭᠤᠴᠠᠯᠭᠠᠲᠤ ᠰᠡᠳᠬᠢᠯᠭᠡ ᠪᠠᠷ | ᠴᠤᠩᠬᠤᠪᠴᠢ ᠦᠢᠯᠡᠴᠢᠯᠡᠭᠡ ᠬᠢᠬᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠦᠬᠡ ᠳᠤ ᠬᠦᠷᠴᠦ | ᠪᠠᠶᠢᠴᠠᠭᠠᠯᠲᠠ ᠬᠢᠬᠦ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠬᠦᠴᠦᠷᠬᠡᠭ ᠶᠡᠭᠡ ᠠᠵᠢᠯ ᠤᠨ | ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ | ᠡᠭᠦᠷᠭᠡ ᠶᠢ ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠵᠢᠭᠠᠵᠦ ᠭᠠᠷᠭᠠᠪᠠ᠃ |