ᠲᠦᠷᠦᠭᠦᠬᠡᠨ᠂ ᠮᠠᠨ ᠤ ᠬᠤᠲᠠ ᠶᠢᠨ ᠬᠤᠳᠠᠯᠳᠤᠭᠠᠴᠢᠨ ᠤᠷᠢᠬᠤ ᠰᠢᠨᠵᠢᠯᠡᠨ ᠪᠠᠶᠢᠴᠠᠭᠠᠬᠤ ᠪᠦᠯᠬᠦᠮ ᠱᠠᠨ ᠰᠢ | ᠮᠤᠵᠢ ᠶᠢᠨ ᠡᠦ ᠰᠦ᠋ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ᠂ ᠰᠢᠨ ᠵᠧᠦ ᠶᠢᠨ ᠤᠯᠤᠰ ᠤᠨ ᠡᠯᠳᠡᠪ ᠠᠮᠤ | ᠶᠢᠨ ᠠᠷᠠᠯᠵᠢᠶᠠᠨ ᠤ ᠲᠥᠪ ᠵᠡᠷᠭᠡ ᠭᠠᠵᠠᠷ ᠲᠤ ᠬᠦᠷᠴᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤ | ᠲᠥᠷᠥᠯ ᠵᠦᠶᠯ ᠤᠨ ᠬᠤᠳᠠᠯᠳᠤᠭᠠᠴᠢᠨ ᠤᠷᠢᠬᠤ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ | ᠣᠷᠣᠭᠤᠯᠬᠤ ᠵᠡᠷᠭᠡ ᠲᠠᠯ᠎ᠠ ᠪᠠᠷ ᠬᠤᠳᠠᠯᠳᠤᠭᠠᠴᠢᠨ ᠤᠷᠢᠬᠤ ᠲᠤᠬᠠᠢ ᠰᠢᠨᠵᠢᠯᠡᠨ ᠪᠠᠶᠢᠴᠠᠭᠠᠭᠰᠠᠨ ᠪᠥᠭᠡᠳ | ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠳᠡᠳ᠋ ᠳᠠᠷᠤᠭ᠎ᠠ ᠴᠧᠩ ᠭᠦᠸᠧ ᠪᠢᠨ ᠵᠢᠴᠢ ᠬᠤᠯᠪᠣᠭᠳᠠᠯ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠵᠠᠶ ᠃ | ᠰᠢᠨᠵᠢᠯᠡᠨ ᠪᠠᠶᠢᠴᠠᠭᠠᠬᠤ ᠳᠤᠮᠳᠠ᠂ ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠲᠠᠶᠢᠶᠤᠸᠠᠨ ᠤ | ᠬᠦᠨᠳᠦ ᠮᠠᠰᠢᠨ ᠮᠧᠬᠠᠨᠢᠭ ᠤᠨ ᠪᠦᠯᠦᠭᠯᠡᠯ ᠺᠣᠮᠫᠠᠨᠢ ᠶᠢᠨ ᠲᠡᠷᠭᠡᠨ ᠬᠦᠷᠳᠦ ᠦᠶᠯᠡᠳᠪᠦᠷᠢᠯᠡᠬᠦ ᠲᠠᠰᠤᠭ᠂ ᠰᠢ ᠶᠢᠦ | ᠶᠤᠸᠠᠨ ᠨᠢᠰᠬᠡᠯ ᠵᠠᠳᠠᠯᠬᠤ ᠰᠠᠭᠤᠷᠢᠨ ᠭᠠᠵᠠᠷ᠂ ᠬᠤᠸᠠ ᠶᠤᠸᠠᠨ ᠡᠬᠡ ᠬᠠᠭᠤᠷᠠᠶ ᠶᠢᠨ ᠭᠠᠷᠠᠮ ᠤᠨ ᠬᠢᠯᠢ | ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠶᠯᠡᠰ ᠤᠨ ᠬᠦᠷᠢᠶᠡᠯᠡᠩ᠂ ᠰᠢᠨ ᠵᠧᠦ ᠤᠯᠤᠰ ᠤᠨ ᠡᠯᠳᠡᠪ | ᠠᠮᠤ ᠶᠢᠨ ᠠᠷᠠᠯᠵᠢᠶᠠᠨ ᠤ ᠲᠥᠪ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ | ᠵᠦᠶᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ ᠃ | ᠶᠠᠷᠢᠯᠴᠠᠬᠤ ᠬᠤᠷᠠᠯ ᠳᠡᠭᠡᠷ᠎ᠡ᠂ ᠴᠧᠩ ᠭᠦᠸᠧ ᠪᠢᠨ ᠡᠨᠡ ᠤᠳᠠᠭᠠᠨ ᠤ ᠰᠢᠨᠵᠢᠯᠡᠨ ᠪᠠᠶᠢᠴᠠᠭᠠᠬᠤ ᠵᠣᠷᠢᠯᠭ᠎ᠠ | ᠪᠠᠨ ᠲᠠᠨᠢᠯᠴᠠᠭᠤᠯᠵᠠᠶ ᠃ ᠲᠡᠷᠡ᠂ ᠱᠠᠨ ᠰᠢ ᠶᠢᠨ ᠬᠡᠯᠪᠡᠷᠢ ᠶᠢ ᠬᠤᠪᠢᠷᠠᠭᠤᠯᠬᠤ ᠶᠡᠷᠦᠩᠬᠡᠶᠢᠯᠡᠭᠰᠡᠨ ᠥᠭᠡᠷᠡᠴᠢᠯᠡᠯᠲᠡ | ᠶᠢᠨ ᠵᠢᠱᠢᠶ᠎ᠡ ᠦᠵᠡᠭᠦᠯᠬᠦ ᠣᠷᠣᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠵᠤ᠂ ᠤᠷᠢᠳ ᠢᠶᠠᠷ | ᠰᠢᠪᠲᠤᠯᠤᠯᠲᠠ ᠭᠠᠷᠭᠠᠵᠤ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠡᠯᠪᠡᠷᠢ ᠶᠢ | ᠬᠤᠪᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ | ᠬᠠᠩᠭᠠᠪᠠ ᠃ ᠤᠯᠤᠰ ᠤᠨ ᠡᠯᠳᠡᠪ ᠠᠮᠤ ᠶᠢᠨ ᠠᠷᠠᠯᠵᠢᠶᠠᠨ ᠤ ᠲᠥᠪ ᠤᠨ ᠲᠠᠷᠢᠮᠠᠯ ᠤᠨ ᠰᠠᠭᠤᠷᠢᠨ ᠭᠠᠵᠠᠷ᠂ | ᠬᠥᠮᠥᠷᠭᠡᠯᠡᠨ ᠬᠠᠳᠠᠭᠠᠯᠠᠬᠤ ᠶᠢ ᠬᠢᠨᠠᠨ ᠬᠠᠮᠢᠶᠠᠷᠬᠤ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠵᠡᠷᠭᠡ ᠲᠠᠯ᠎ᠠ ᠶᠢᠨ | ᠲᠤᠷᠰᠢᠯᠭ᠎ᠠ ᠠᠷᠭ᠎ᠠ ᠬᠢᠳᠡᠯ ᠨᠢ ᠮᠠᠨᠵᠤᠤᠷ ᠤᠨ ᠲᠠᠷᠢᠶᠠᠯᠠᠩ ᠤᠨ ᠪᠦᠲᠦᠭᠡᠭᠳᠡᠬᠦᠨ ᠤ ᠪᠥᠬᠦ ᠬᠡᠯᠬᠢᠶ᠎ᠡ ᠶᠢᠨ | ᠬᠥᠭᠵᠢᠯᠲᠡ ᠳᠤ ᠬᠤᠪᠣᠷ ᠨᠠᠨᠳᠢᠨ ᠲᠤᠷᠰᠢᠯᠭ᠎ᠠ ᠬᠠᠩᠭᠠᠪᠠ ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ | ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠪᠡ ᠃ | ᠳᠠᠷᠠᠭ᠎ᠠ ᠨᠢ᠂ ᠬᠤᠶᠠᠷ ᠲᠠᠯ᠎ᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠨᠢ ᠬᠠᠮᠲᠤᠷᠠᠯᠴᠠᠭᠠᠨ | ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠮᠠᠨᠵᠤᠤᠷ ᠤᠨ ᠶᠢᠨ ᠳ᠋ᠠ ᠣᠯᠠᠨ ᠤᠯᠤᠰ ᠤᠨ ᠡᠳ᠋ ᠪᠠᠷᠠᠭᠠᠨ ᠤ | ᠭᠦᠶᠯᠭᠡᠭᠡᠨ ᠤ ᠬᠢᠵᠠᠭᠠᠷᠲᠤ ᠺᠣᠮᠫᠠᠨᠢ ᠪᠣᠯᠤᠨ ᠱᠠᠨ ᠰᠢ ᠶᠢᠨ ᠵᠢᠶᠦ᠋ᠨ ᠷᠦᠩ ᠠᠵᠤ ᠦᠶᠯᠡᠰ ᠤᠨ ᠪᠦᠯᠦᠭᠯᠡᠯ᠂ | ᠮᠠᠨᠵᠤᠤᠷ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ | ᠨᠡᠶᠢᠭᠡᠮᠯᠢᠭ ᠪᠣᠯᠤᠨ ᠰᠢᠨ ᠵᠧᠦ ᠶᠢᠨ ᠯᠢᠶᠠᠩ ᠰᠢᠨ ᠬᠥ᠋ ᠳ᠋ᠦ᠋ ᠡᠯᠳᠡᠪ ᠠᠮᠤ ᠶᠢᠨ ᠬᠢᠵᠠᠭᠠᠷᠲᠤ ᠺᠣᠮᠫᠠᠨᠢ ᠲᠣᠰ ᠲᠣᠰ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ ᠃ |