ᠮᠠᠨ ᠤ ᠬᠤᠲᠠ ᠶᠢᠨ ᠬᠤᠳᠠᠯᠳᠤᠭᠠᠴᠢᠨ ᠤᠷᠢᠬᠤ ᠰᠢᠨᠵᠢᠯᠡᠨ ᠪᠠᠶᠢᠴᠠᠭᠠᠬᠤ ᠪᠦᠯᠬᠦᠮ ᠵᠢᠶᠠᠩᠰᠦ ᠮᠤᠵᠢ ᠶᠢᠨ ᠶᠠᠨᠴᠧᠩ ᠬᠤᠲᠠ ᠳᠤ ᠬᠦᠷᠴᠦ  ᠲᠠᠷᠢᠶᠠᠯᠠᠩ ᠵᠢᠭᠤᠯᠴᠢᠯᠠᠯ  ᠢ ᠠᠭᠤᠰᠤᠯᠴᠠᠭᠤᠯᠬᠤ ᠲᠥᠷᠥᠯ ᠵᠦᠶᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/4
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ  ᠪᠦᠯᠬᠦᠮ ᠳᠠᠭᠠᠭᠤᠯᠤᠨ ᠵᠢᠶᠠᠩᠰᠦ ᠮᠤᠵᠢ ᠶᠢᠨ ᠶᠠᠨᠴᠧᠩ ᠬᠤᠲᠠ ᠶᠢᠨ ᠳ᠋ᠠᠹᠧᠩ ᠲᠣᠭᠤᠷᠢᠭ ᠤᠨ ᠰᠢᠨᠹᠧᠩ ᠪᠠᠯᠭᠠᠰᠤᠨ ᠳᠤ ᠬᠦᠷᠴᠦ ᠬᠤᠯᠠᠨᠳ᠋ ᠥᠨᠢᠷ ᠴᠡᠴᠡᠭ  ᠤᠨ ᠲᠤᠮᠤ ᠬᠦᠷᠢᠶᠡᠯᠡᠩ ᠨᠡᠷᠡᠮᠵᠢᠲᠦ ᠲᠠᠷᠢᠶᠠᠯᠠᠩ ᠵᠢᠭᠤᠯᠴᠢᠯᠠᠯ  ᠢ ᠠᠭᠤᠰᠤᠯᠴᠠᠭᠤᠯᠬᠤ‌‍ᠲ᠋ᠥ᠋ᠷᠥᠯ ᠵᠦᠶᠯ ᠢ ᠰᠢᠨᠵᠢᠯᠡᠨ ᠪᠠᠶᠢᠴᠠᠭᠠᠪᠠ ᠃ ᠬᠤᠲᠠ ᠳᠡᠳ᠋ ᠳᠠᠷᠤᠭ᠎ᠠ ᠴᠧᠩ ᠭᠦᠸᠧ ᠪᠢᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠳᠤ ᠣᠷᠣᠯᠴᠠᠵᠠᠶ ᠃      ᠬᠤᠯᠠᠨᠳ᠋ ᠥᠨᠢᠷ ᠴᠡᠴᠡᠭ ᠤᠨ ᠲᠤᠮᠤ ᠬᠦᠷᠢᠶᠡᠯᠡᠩ  ᠪᠣᠯ ᠵᠠᠰᠠᠭ ᠤᠨ ᠣᠷᠳᠣᠨ ᠠᠴᠠ ᠭᠤᠤᠯᠯᠠᠨ ᠤᠳᠤᠷᠢᠳᠤᠭᠰᠠᠨ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ ᠲᠥᠷᠥᠯ ᠵᠦᠶᠯ ᠪᠣᠯᠤᠨ᠎ᠠ᠂ ᠲᠣᠰ ᠲᠥᠷᠥᠯ ᠵᠦᠶᠯ ᠨᠢ 《 ᠳᠤᠮᠳᠠᠳᠤ ᠢᠷᠭᠡᠨ ᠤᠯᠤᠰ ᠤᠨ ᠲᠣᠰᠬᠤᠨ ᠪᠠᠯᠭᠠᠰᠤ ᠶᠢᠨ ᠲᠥᠯᠥᠪᠵᠢᠭᠦᠯᠭᠡ ᠶᠢᠨ ᠨᠢᠭᠡᠳᠦᠭᠡᠷ ᠪᠠᠯᠭᠠᠰᠤ 》 ᠶᠢᠨ ᠲᠡᠦᠬᠡ ᠶᠢᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ 《 ᠶᠠᠨᠴᠧᠩ ᠳᠤ ᠰᠠᠭᠤᠷᠢᠯᠠᠬᠤ᠂ ᠱᠠᠩᠬᠠᠶ ᠲᠠᠢ ᠬᠦᠷᠰᠢᠯᠡᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ ᠢ ᠨᠥᠯᠥᠭᠡᠯᠡᠨ ᠳᠠᠶᠢᠴᠢᠯᠠᠬᠤ 》 ᠴᠢᠳᠠᠮᠵᠢ  ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠡᠰᠡᠭ ᠬᠡᠰᠡᠭ ᠢᠶᠠᠷ ᠵᠠᠯᠭᠠᠯᠳᠤᠭᠰᠠᠨ ᠠᠯᠲᠠᠨᠵᠤᠯᠠ ᠴᠡᠴᠡᠭ ᠤᠨ ᠲᠠᠯᠠᠪᠠᠶ ᠪᠠᠷ ᠬᠠᠮᠤᠭ ᠤᠨ ᠶᠡᠭᠡ᠂ ᠲᠥᠷᠥᠯ ᠵᠦᠶᠯ ᠢᠶᠠᠷ ᠬᠠᠮᠤᠭ ᠤᠨ ᠣᠯᠠᠨ᠂ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠬᠠᠮᠤᠭ ᠤᠨ ᠪᠦᠷᠢᠨ 《 ᠳᠤᠮᠳᠠᠳᠤ ᠤᠯᠤᠰ ᠤᠨ ᠠᠯᠲᠠᠨᠵᠤᠯᠠ ᠴᠡᠴᠡᠭ  ᠤᠨ  ᠲᠤᠮᠤ  ᠬᠦᠷᠢᠶᠡᠯᠡᠩ  》 ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠠᠶᠢᠭᠠᠯᠢ ᠶᠢᠨ ᠭᠠᠵᠠᠷ ᠤᠨ ᠪᠠᠶᠢᠴᠠ ᠲᠠᠢ ᠤᠶᠠᠯᠳᠤᠭᠤᠯᠤᠨ᠂ ᠪᠠᠶᠢᠭᠠᠯᠢ ᠶᠢᠨ ᠭᠠᠵᠠᠷ ᠤᠨ ᠭᠠᠳᠠᠷᠭᠤ ᠶᠢ ᠭᠦᠶᠴᠡᠳ ᠢᠯᠡᠷᠡᠭᠦᠯᠵᠦ᠂ ᠪᠠᠭ᠎ᠠ ᠪᠠᠷ ᠶᠡᠭᠡ ᠶᠢ ᠬᠠᠷᠠᠭᠤᠯᠵᠤ᠂ ᠵᠦᠶ ᠵᠣᠬᠢᠰᠲᠠᠶ ᠪᠠᠷ ᠦᠵᠡᠮᠵᠢ ᠪᠦᠲᠦᠭᠡᠵᠦ᠂ ᠥᠨᠢᠷ ᠴᠡᠴᠡᠭ ᠤᠨ  ᠲᠤᠮᠤ  ᠬᠦᠷᠢᠶᠡᠯᠡᠩ  ᠤᠨ ᠦᠵᠡᠮᠵᠢ ᠶᠢᠨ ᠬᠤᠪᠢᠷᠠᠯᠲᠠ ᠳᠤ ᠲᠦᠰᠢᠭ ᠪᠣᠯᠬᠤ ᠰᠠᠭᠤᠷᠢ ᠴᠢᠨᠠᠷ ᠢ ᠬᠠᠩᠭᠠᠪᠠ ᠃ ᠡᠭᠦᠨ ᠤ ᠬᠠᠮᠲᠤ᠂ 《 ᠭᠤᠤᠯ ᠤᠨ ᠰᠦᠯᠵᠢᠶ᠎ᠡ᠂ ᠮᠣᠳᠣᠨ ᠬᠡᠷ᠂ ᠰᠠᠯᠬᠢᠨ ᠬᠦᠷᠳᠦ 》 ᠪᠠᠷ ᠵᠢᠷᠤᠭ ᠲᠥᠯᠥᠪᠯᠡᠭᠡ ᠶᠢᠨ ᠡᠯᠧᠮᠧᠨ᠋ᠲ ᠪᠣᠯᠭᠠᠵᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠲᠠᠷᠢᠶᠠᠯᠠᠩ ᠤᠨ ᠪᠦᠲᠦᠴᠡ ᠶᠢ ᠳᠣᠭᠢᠷᠠᠭᠤᠯᠬᠤ ᠲᠠᠢ ᠤᠶᠠᠯᠳᠤᠭᠤᠯᠤᠨ᠂ 《 ᠠᠷᠠᠳ ᠤᠨ ᠪᠠᠯᠠ ᠶᠢ ᠲᠥᠪᠯᠡᠷᠡᠭᠦᠯᠵᠦ᠂ ᠠᠷᠠᠳ ᠤᠨ ᠬᠦᠴᠦᠨ ᠳᠤ ᠲᠦᠰᠢᠭᠯᠡᠨ᠂ ᠠᠷᠠᠳ ᠤᠨ ᠠᠮᠢᠳᠤᠷᠠᠯ ᠳᠤ ᠦᠶᠯᠡᠴᠢᠯᠡᠬᠦ 》 ᠠᠵᠢᠯ ᠤᠨ ᠰᠡᠳᠬᠢᠮᠵᠢ ᠶᠢᠨ ᠲᠣᠭᠤᠷᠢᠨ ᠳᠤ᠂ ᠬᠤᠯᠠᠨᠳ᠋ ᠥᠨᠢᠷ ᠴᠡᠴᠡᠭ ᠤᠨ ᠲᠤᠮᠤ ᠬᠦᠷᠢᠶᠡᠯᠡᠩ ᠪᠠᠶᠢᠭ᠎ᠠ ᠦᠭᠡᠢ ᠶᠠᠭᠤᠮ᠎ᠠ ᠶᠢ ᠪᠤᠢ  ᠪᠤᠯᠭᠠᠵᠦ᠂  ᠥᠨᠢᠷ ᠴᠡᠴᠡᠭ  ᠤᠨ  ᠲᠤᠮᠤ ᠬᠦᠷᠢᠶᠡᠯᠡᠩ ᠢ  ᠬᠦᠴᠦᠷᠬᠡᠭᠵᠢᠭᠦᠯᠦᠨ᠂  ᠴᠡᠴᠡᠭ ᠤᠨ ᠲᠠᠷᠢᠶ᠎ᠠ ᠶᠢ ᠨᠠᠷᠢᠯᠢᠭ ᠲᠠᠷᠢᠵᠦ᠂ ᠴᠡᠴᠡᠭ ᠤᠨ ᠵᠠᠬ᠎ᠠ ᠳᠡᠯᠭᠡᠭᠦᠷ ᠢ ᠨᠢᠮᠪᠠᠢ ᠡᠵᠡᠩᠨᠡᠵᠦ ᠂ ᠲᠣᠭᠤᠷᠢᠨ ᠵᠤᠭᠠᠴᠠᠬᠤ᠂ ᠢᠳᠡᠭᠡᠨ ᠤᠮᠳᠠᠭᠠᠨ ᠵᠤᠭ᠎ᠠ ᠴᠡᠩᠭᠡᠯ᠂ ᠰᠤᠳᠤᠯᠤᠨ ᠨᠡᠭᠡᠭᠡᠬᠦ ᠶᠢ ᠨᠢᠭᠡ ᠴᠣᠭᠴᠠᠵᠢᠭᠤᠯᠤᠭᠰᠠᠨ ᠬᠤᠯᠠᠨᠳ᠋ ᠶᠢᠨ ᠵᠠᠩ ᠦᠶᠯᠡ ᠲᠠᠢ ᠥᠨᠢᠷ ᠴᠡᠴᠡᠭ ᠤᠨ  ᠲᠤᠮᠤ ᠬᠦᠷᠢᠶᠡᠯᠡᠩ ᠢ ᠬᠦᠴᠦᠯᠡᠨ ᠪᠠᠶᠢᠭᠤᠯᠤᠨ᠎ᠠ ᠃        ᠰᠢᠨᠵᠢᠯᠡᠨ ᠪᠠᠶᠢᠴᠠᠭᠠᠬᠤ ᠶᠠᠪᠤᠴᠠ ᠳᠤ᠂ ᠶᠤᠸᠠᠢ ᠭᠦᠸᠧ ᠳ᠋ᠦᠩ ᠬᠤᠯᠠᠨᠳ᠋ ᠥᠨᠢᠷ ᠴᠡᠴᠡᠭ ᠤᠨ ᠲᠤᠮᠤ ᠬᠦᠷᠢᠶᠡᠯᠡᠩ ᠤᠨ ᠲᠥᠷᠥᠯ ᠵᠦᠢᠯ ᠢ ᠳᠡᠭᠡᠳᠦ ᠬᠡᠮᠵᠢᠶ᠎ᠡ ᠪᠠᠷ ᠦᠨᠡᠯᠡᠪᠡ ᠃ ᠲᠡᠷᠡ᠂ ᠳ᠋ᠠ ᠹᠧᠩ ᠲᠣᠭᠤᠷᠢᠭ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠣᠷᠣᠨ ᠨᠤᠲᠤᠭ ᠤᠨ ᠡᠬᠢ ᠪᠠᠶᠠᠯᠢᠭ ᠢᠶᠠᠨ ᠭᠦᠨᠵᠡᠭᠡᠢ ᠠᠭᠤᠳᠠᠯᠵᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂  ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ  ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠠᠮᠢ ᠠᠬᠤᠢ ᠶᠢᠨ ᠦᠷᠳᠡᠭ ᠢ ᠠᠵᠤ ᠠᠬᠤᠢ ᠶᠢᠨ ᠦᠷᠳᠡᠭ ᠪᠣᠯᠭᠠᠨ ᠬᠤᠪᠢᠷᠠᠭᠤᠯᠬᠤ ᠶᠢ ᠠᠬᠢᠭᠤᠯᠤᠭᠰᠠᠨ ᠨᠢ ᠰᠤᠷᠤᠯᠴᠠᠭᠤᠰᠢᠲᠠᠢ ᠶᠤᠮ ᠭᠡᠵᠦ ᠦᠵᠡᠪᠡ ᠃        ᠶᠤᠸᠠᠢ ᠭᠦᠸᠧ ᠳ᠋ᠦᠩ  ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠳ᠋ᠠ ᠹᠧᠩ ᠲᠣᠭᠤᠷᠢᠭ  ᠤᠨ ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠬᠢ ᠲᠡᠷᠢᠭᠦᠨ ᠤ ᠲᠤᠷᠰᠢᠯᠭ᠎ᠠ ᠶᠢ ᠨᠠᠷᠢᠨ ᠬᠢᠨᠠᠮᠠᠭᠠᠶ ᠰᠤᠷᠤᠯᠴᠠᠨ ᠪᠣᠳᠣᠯᠬᠢᠯᠠᠵᠤ᠂ ᠬᠥᠭᠵᠢᠯᠲᠡ ᠶᠢᠨ ᠰᠡᠳᠬᠢᠴᠡ ᠪᠠᠨ ᠰᠢᠨᠡᠴᠢᠯᠡᠵᠦ᠂ ᠬᠥᠭᠵᠢᠯᠲᠡ  ᠶᠢ ᠠᠬᠢᠭᠤᠯᠬᠤ ᠡᠷᠴᠢ ᠵᠣᠷᠢᠭ ᠢᠶᠠᠨ ᠭᠦᠶᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ᠂ ᠣᠨᠴᠠᠯᠢᠭ ᠢᠶᠠᠨ ᠢᠯᠡᠷᠡᠭᠦᠯᠬᠦ ᠶᠢ ᠪᠠᠷᠢᠮᠲᠠᠯᠠᠵᠤ᠂ ᠮᠠᠨ ᠤ ᠬᠤᠲᠠ ᠶᠢᠨ ᠬᠥᠭᠵᠢᠯᠲᠡ ᠳᠤ ᠲᠣᠬᠢᠷᠠᠬᠤ ᠠᠵᠤ ᠦᠶᠯᠡᠰ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠰᠦᠪᠡᠭᠴᠢᠯᠡᠬᠦ ᠬᠡᠷᠡᠭᠲᠡᠶ ᠃ ᠰᠣᠶᠣᠯ ᠵᠢᠭᠤᠯᠴᠢᠯᠠᠯ ᠬᠢᠭᠡᠳ ᠳ᠋ᠦᠩ  ᠬᠡᠤ ᠨᠠᠭᠤᠷ ᠤᠨ ᠲᠠᠷᠢᠶᠠᠯᠠᠩ᠂ ᠮᠣᠳᠣᠨ ᠮᠠᠲ᠋ᠧᠷᠢᠶᠠᠯ ᠤᠨ ᠠᠵᠤ ᠦᠢᠯᠡᠰ᠂ ᠠᠮᠢ ᠠᠬᠤᠢ  ᠵᠢᠨ‌ᠣᠷᠴᠢᠨ ᠲᠣᠭᠤᠷᠢᠨ ᠤ ᠬᠠᠮᠠᠭᠠᠯᠠᠯᠲᠠ᠂ ᠰᠦᠯᠵᠢᠶᠡᠨ ᠤ ᠨᠡᠷᠡᠳᠦ ᠠᠵᠤ ᠠᠬᠤᠢ ᠵᠡᠷᠭᠡ ᠬᠦᠷᠢᠶᠡᠨ ᠳᠠᠬᠢ ᠣᠷᠭᠠᠨᠢᠭ ᠠᠭᠤᠰᠤᠯᠴᠠᠯ ᠢ ᠭᠤᠣᠯᠳᠠᠯᠭ᠎ᠠ  ᠪᠣᠯᠭᠠᠨ ᠠᠬᠢᠭᠤᠯᠵᠤ᠂ ᠵᠢᠭᠤᠯᠴᠢᠯᠠᠯ ᠤᠨ ᠦᠢᠯᠡᠳᠬᠦᠨ ᠤ ᠵᠤᠭᠠᠴᠠᠯ ᠬᠢᠭᠡᠳ ᠰᠡᠯᠡᠭᠦᠴᠡᠯ᠂ ᠠᠮᠠᠷᠠᠯᠲᠠ ᠶᠢ ᠵᠡᠷᠭᠡ ᠪᠠᠷ ᠴᠢᠬᠤᠯᠠᠴᠢᠯᠠᠬᠤ ᠲᠡᠶᠢᠰᠢ ᠬᠤᠪᠢᠷᠠᠬᠤ ᠶᠢ ᠶᠡᠭᠡ ᠪᠠᠷ ᠠᠬᠢᠭᠤᠯᠬᠤ ᠬᠡᠷᠡᠭᠲᠡᠢ ᠃ ᠡᠭᠦᠨ ᠤ ᠬᠠᠮᠲᠤ ᠮᠠᠨᠵᠤᠤᠷ ᠤᠨ ᠳᠠᠪᠠᠭᠤᠯᠢᠭ ᠡᠬᠢ ᠪᠠᠶᠠᠯᠢᠭ ᠲᠠᠢ ᠤᠶᠠᠯᠳᠤᠭᠤᠯᠤᠨ᠂ ᠭᠦᠨ ᠨᠡᠪᠴᠢᠬᠦ ᠮᠠᠶ᠋ᠢᠭ ᠤᠨ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠤᠨ ᠲᠥᠷᠦᠯ ᠵᠦᠢᠯ ᠢ ᠪᠠᠶᠢᠭᠤᠯᠵᠤ᠂ ᠵᠢᠭᠤᠯᠴᠢᠯᠠᠯ ᠤᠨ ᠬᠦᠷᠢᠶ᠎ᠡ ᠬᠡᠪᠴᠢᠶᠡᠨ ᠳᠠᠬᠢ ᠰᠢᠨ᠎ᠡ ᠨᠡᠮᠡᠭᠳᠡᠯ  ᠤᠨ ᠴᠡᠭ  ᠢ ᠶᠡᠬᠡᠪᠡᠷ   ᠪᠣᠶᠢᠵᠢᠭᠤᠯᠵᠤ᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠪᠠ ᠠᠵᠤ ᠠᠬᠤᠢ ᠶᠢᠨ ᠨᠡᠮᠡᠭᠳᠡᠯ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ  ᠬᠡᠷᠡᠭᠲᠡᠢ ᠭᠡᠵᠦ ᠱᠠᠭᠠᠷᠳᠠᠪᠠ  ᠃ 
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ