ᠮᠠᠨ ᠤ ᠬᠤᠲᠠ ᠨᠠᠮ ᠤᠨ ᠬᠤᠷᠢᠳᠤᠭᠠᠷ ᠶᠡᠭᠡ ᠬᠤᠷᠠᠯ ᠢ ᠤᠬᠲᠤᠬᠤ ᠠᠶᠤᠯᠭᠦᠶ ᠦᠶᠯᠡᠳᠪᠦᠷᠢᠯᠡᠯ ᠤᠨ ᠵᠠᠭᠤᠨ ᠡᠳᠦᠷ ᠤᠨ ᠠᠵᠢᠯᠯᠠᠭ᠎ᠠ ᠪᠠ ᠭᠤᠤᠯᠳᠠᠯᠭ᠎ᠠ  ᠪᠣᠯᠬᠤ  ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/4
      8 ᠰᠠᠷ᠎ᠠ ᠶᠢᠨ 1 ᠤ ᠡᠳᠦᠷ᠂ ᠮᠠᠨ ᠤ ᠬᠤᠲᠠ ᠨᠠᠮ ᠤᠨ ᠬᠤᠷᠢᠳᠤᠭᠠᠷ ᠶᠡᠭᠡ ᠬᠤᠷᠠᠯ ᠢ ᠤᠬᠲᠤᠬᠤ  ᠠᠶᠤᠯᠭᠦᠢ ᠦᠢᠯᠡᠳᠪᠦᠷᠢᠯᠡᠯ ᠤᠨ ᠵᠠᠭᠤᠨ ᠡᠳᠦᠷ ᠤᠨ ᠠᠵᠢᠯᠯᠠᠭ᠎ᠠ ᠪᠠ ᠭᠤᠣᠯᠳᠠᠯᠭ᠎ᠠ  ᠪᠣᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ ᠃  ᠢᠤᠢ ᠸᠧᠢ ᠳ᠋ᠦᠩ᠂ ᠶᠤᠸᠠᠢ ᠭᠦᠸᠧ ᠳ᠋ᠦᠩ᠂ ᠯᠢ ᡁᠢ ᠳ᠋ᠦᠩ᠂ ᠸᠠᠩ ᠴᠠᠩ ᠴᠦᠨ᠂ ᠴᠢ ᠱᠠᠨ ᠵᠢᠶᠠᠨ᠂ ᠸᠠᠩ ᠰᠦᠩ ᠶᠠᠨ᠂ ᠰᠦᠢ ᠵᠢᠶᠠᠨ ᠫᠢᠩ᠂ ᠳ᠋ᠧᠩ ᠶᠤᠸᠠᠢ ᠱᠧᠩ᠂ ᠸᠠᠩ ᠲᠤᠤ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ ᠃       ᠬᠤᠷᠠᠯ ᠠᠴᠠ ᠪᠦᠬᠦ ᠬᠤᠳᠠ ᠶᠢᠨ ᠳᠡᠭᠡᠷ᠎ᠡ ᠬᠠᠭᠠᠰ ᠵᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠠᠶᠤᠯᠭᠦᠢ ᠦᠢᠯᠡᠳᠪᠦᠷᠢᠯᠡᠯ ᠤᠨ ᠵᠠᠭᠤᠨ ᠡᠳᠦᠷ ᠤᠨ ᠠᠵᠢᠯᠯᠠᠭ᠎ᠠ ᠶᠢ ᠲᠤᠬᠢᠷᠠᠭᠤᠯᠤᠨ ᠪᠠᠶᠢᠷᠢᠯᠠᠭᠤᠯᠪᠠ ᠃ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠣᠰ ᠲᠣᠰ ᠤᠨ ᠬᠦᠷᠢᠶᠡᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠪᠠ ᠃        ᠬᠤᠷᠠᠯ ᠠᠴᠠ᠂ ᠪᠦᠬᠦ ᠬᠤᠳᠠ ᠶᠢᠨ ᠳᠡᠭᠡᠳᠦ ᠲᠤᠤᠷᠠᠳᠤ ᠱᠠᠳᠤ ᠪᠠᠷ ᠢᠶᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠥᠯᠥᠨ ᠪᠤᠶᠢᠷ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠣᠬᠢᠴᠠᠭᠤᠯᠤᠨ ᠬᠤᠯᠪᠣᠭᠠᠯᠠᠬᠤ ᠲᠣᠭᠲᠠᠴᠠ ᠶᠢ ᠪᠦᠷᠢᠨᠰᠢᠬᠦᠯᠵᠥ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ  ᠦᠨᠡᠨ ᠬᠦ ᠪᠠᠲᠤᠯᠠᠵᠤ᠂ ᠪᠣᠳᠠᠲᠤ ᠠᠵᠢᠯᠯᠠᠭ᠎ᠠ  ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ ᠃       ᠬᠤᠷᠠᠯ ᠠᠴᠠ᠂ ᠬᠢᠵᠢᠭ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠬᠢᠯᠢ  ᠶᠢᠨ ᠪᠣᠭᠤᠮᠲᠠ ᠶᠢᠨ ᠪᠢᠲᠡᠭᠦᠮᠵᠢᠯᠡᠭᠰᠡᠨ ᠣᠷᠣᠨ ᠤ ᠬᠠᠮᠢᠶᠠᠷᠤᠯᠲᠠ ᠡᠵᠡᠮᠳᠡᠯ᠂ ᠭᠤᠣᠯᠳᠠᠯᠭ᠎ᠠ ᠪᠣᠯᠬᠤ ᠬᠥᠮᠦᠰ ᠲᠤ ᠪᠥᠭᠡᠮ ᠬᠦᠴᠢᠯ ᠤᠨ  ᠪᠠᠶᠢᠴᠠᠭᠠᠯᠲᠠ ᠬᠢᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠷᠢᠯᠢᠭ ᠰᠠᠶᠢᠲᠤᠷ ᠨᠠᠶᠢᠳᠠᠪᠤᠷᠢᠵᠢᠭᠤᠯᠵᠤ᠂ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠲᠠᠷᠬᠠᠨ ᠳᠡᠯᠭᠡᠷᠡᠬᠦ ᠶᠢ ᠰᠡᠷᠭᠡᠶᠢᠯᠡᠬᠦ᠂ ᠭᠠᠳᠠᠭᠰᠢ ᠲᠠᠷᠬᠠᠨ ᠳᠡᠯᠭᠡᠷᠡᠬᠦ ᠶᠢ ᠰᠡᠷᠭᠡᠶᠢᠯᠡᠬᠦ 《 ᠭᠤᠷᠪᠠᠨ ᠰᠡᠷᠭᠡᠶᠢᠯᠡᠯᠲᠡ ᠶᠢᠨ ᠱᠤᠭᠤᠮ 》 ᠢ ᠦᠨᠡᠨ ᠬᠦ ᠪᠠᠬᠢᠵᠢᠭᠦᠯᠵᠦ᠂ ᠬᠢᠯᠪᠠᠷ ᠪᠤᠰᠤ ᠪᠠᠷ  ᠤᠯᠤᠬᠰᠠᠨ ᠰᠡᠷᠭᠡᠶᠢᠯᠡᠨ ᠡᠵᠡᠮᠳᠡᠬᠦ  ᠠᠵᠢᠯ ᠤᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ  ᠢ  ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠯᠭᠠᠨ ᠦᠨᠡᠯᠡᠬᠦ ᠰᠢᠰᠲ᠋ᠧᠮ ᠤᠨ ᠱᠠᠭᠠᠷᠳᠠᠯᠭ᠎ᠠ ᠲᠠᠢ ᠴᠢᠩᠭ᠎ᠠ ᠬᠠᠷᠭᠤᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠵᠦᠶᠯ ᠳᠠᠷᠠᠭᠠᠯᠠᠨ ᠠᠬᠢᠭᠤᠯᠵᠤ᠂ ᠰᠦᠯᠵᠢᠶᠡᠨ ᠳᠡᠭᠡᠷ᠎ᠡ ᠮᠡᠳᠡᠭᠦᠯᠬᠦ ᠮᠠᠲ᠋ᠧᠷᠢᠶᠠᠯ  ᠪᠢᠴᠢᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠡᠭᠦᠳᠦᠨ ᠪᠠᠶᠢᠭᠤᠯᠬᠤ ᠠᠵᠢᠯ ᠤᠨ ᠲᠡᠭᠦᠰ ᠠᠮᠵᠢᠯᠲᠠ ᠤᠯᠬᠤ ᠶᠢ ᠪᠠᠲᠤᠯᠠᠵᠤ᠂ ᠣᠨ ᠤ ᠰᠢᠯᠭᠠᠨ ᠦᠨᠡᠯᠡᠯᠲᠡ ᠶᠢ ᠤᠷᠤᠭᠰᠢᠲᠠᠶ ᠥᠩᠭᠡᠷᠡᠭᠦᠯᠬᠦ ᠬᠡᠷᠡᠭᠲᠡᠶ ᠭᠡᠵᠦ  ᠱᠠᠭᠠᠷᠳᠠᠵᠠᠢ ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ