ᠢᠤᠢ ᠸᠧᠢ ᠳ᠋ᠦᠩ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠶᠠᠭᠠᠬᠢᠭᠰᠠᠨ ᠴᠤ ᠬᠦᠩᠭᠡᠨ ᠬᠠᠭᠤᠮᠠᠭᠠᠢ ᠪᠠᠷ ᠬᠠᠨᠳᠤᠵᠤ ᠪᠣᠯᠬᠤ ᠦᠭᠡᠢ
ᠨᠡᠶᠢᠲᠡᠯᠡᠭᠰᠡᠨ ᠴᠠᠭ᠄
2022/8/4
     8 ᠰᠠᠷ᠎ᠠ ᠶᠢᠨ 1 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ  ᠢᠤᠢ ᠸᠧᠢ ᠳ᠋ᠦᠩ ᠮᠠᠨ ᠤ ᠬᠤᠳᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠵᠤ  ᠬᠢᠨᠠᠨ ᠵᠢᠯᠣᠭᠤᠳᠪᠠ ᠃ ᠬᠤᠲᠠ  ᠶᠢᠨ ᠤᠳᠤᠷᠢᠳᠤᠯᠭ᠎ᠠ ᠳ᠋ᠧᠩ ᠶᠤᠸᠠᠢ ᠱᠧᠩ᠂ ᠸᠧᠶ ᠬᠤᠩ  ᠢᠤᠢ᠂ ᠵᠢᠶᠠᠩ ᠳ᠋ᠦᠩ ᠮᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃      ᠢᠤᠢ ᠸᠧᠢ ᠳ᠋ᠦᠩ ᠤᠷᠢᠳ ᠬᠤᠵᠢᠳ ᠰᠢᠨ ᠺᠠᠢ ᠾᠧ ᠪᠠᠯᠭᠠᠰᠤᠨ ᠤ ᠵᠠᠰᠠᠮᠠᠯ ᠵᠠᠮ ᠤᠨ ᠪᠣᠭᠤᠮᠲᠠ᠂ ᠳᠠᠭᠠᠭᠠᠴᠢᠯᠠᠨ  ᠬᠠᠷᠢᠯᠴᠠᠬᠤ ᠨᠠᠢᠮᠠᠨ ᠳᠤᠭᠤᠶᠢᠯᠠᠩ ᠤᠨ ᠭᠤᠷᠪᠠᠨ ᠳᠡᠰ ᠤᠨ ᠸᠢᠳᠢᠣ᠋ ᠬᠢᠨᠠᠨ ᠦᠵᠡᠬᠦ ᠲᠥᠪ᠂ ᠤᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠦᠷᠳᠡᠭᠡ᠂ ᠲᠤᠤ  ᠸᠠ ᠦᠵᠡᠮᠵᠢ ᠶᠢᠨ ᠣᠷᠣᠨ᠂ ᠲᠤᠤ  ᠸᠠ  ᠪᠠᠭᠤᠳᠠᠯ᠂ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ᠂ ᠮᠠᠨᠵᠤᠤᠷ ᠦᠷᠳᠡᠭᠡ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠴᠡᠭ ᠲᠤ ᠬᠦᠷᠴᠦ᠂ ᠬᠤᠳᠠ  ᠶᠢᠨ ᠣᠷᠣᠵᠤ ᠭᠠᠷᠬᠤ ᠪᠣᠭᠤᠮᠲᠠ᠂  ᠬᠢᠯᠢ ᠶᠢᠨ ᠪᠣᠭᠤᠮᠲᠠ ᠶᠢᠨ ᠪᠢᠲᠡᠭᠦᠮᠵᠢᠯᠡᠭᠰᠡᠨ ᠲᠣᠭᠤᠷᠢᠭ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠪᠣᠯᠤᠨ ᠲᠡᠮᠤᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠵᠠᠮ ᠬᠠᠷᠢᠯᠴᠠᠭᠠᠨ ᠤ ᠬᠦᠢᠰᠦ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ ᠃       ᠢᠤᠢ ᠸᠧᠶ ᠳ᠋ᠦᠩ᠂ ᠣᠳᠣᠬᠠᠨ ᠳᠤ ᠬᠢᠵᠢᠭ ᠤᠨ ᠪᠠᠶᠢᠳᠠᠯ ᠮᠥᠨ ᠬᠦ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠂ ᠪᠥᠬᠦ ᠬᠤᠲᠠ ᠶᠢᠨ ᠳᠡᠭᠡᠳᠦ ᠳᠣᠤᠷᠠᠳᠤ ᠱᠠᠲᠤ ᠪᠠᠷ ᠢᠶᠠᠨ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ 》 ᠶᠡᠷᠦᠩᠬᠡᠶ ᠠᠷᠭ᠎ᠠ ᠪᠣᠳᠣᠯᠭ᠎ᠠ ᠪᠣᠯᠤᠨ 《  ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ 》 ᠶᠡᠷᠦᠩᠬᠡᠶ ᠴᠢᠭᠯᠡᠯᠲᠡ ᠶᠢ ᠢᠮᠠᠭᠲᠠ ᠭᠤᠶᠢᠪᠢᠰᠢ ᠥᠬᠡᠶ ᠪᠠᠷᠢᠮᠲᠠᠯᠠᠵᠤ᠂ 《 ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ 》 ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ  ᠪᠠᠶᠢᠷᠢᠯᠠᠭᠤᠯᠤᠯᠲᠠ ᠶᠢ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ  ᠰᠠᠶᠢᠲᠤᠷ  ᠴᠣᠭᠴᠠᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ ᠬᠡᠯᠡᠪᠡ ᠃          ᠢᠤᠢ  ᠸᠧᠢ ᠳ᠋ᠦᠩ᠂ ᠮᠠᠨᠵᠤᠤᠷ ᠲᠤ  ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠦᠨᠡᠨ ᠬᠦ ᠴᠢᠩᠭᠠᠳᠬᠠᠵᠤ᠂ ᠪᠠᠶᠢᠴᠠᠭᠠᠯᠲᠠ ᠶᠢᠨ ᠵᠠᠮ ᠢ ᠰᠢᠯᠢᠳᠡᠭᠵᠢᠭᠦᠯᠦᠨ᠂ ᠲᠡᠷᠭᠡ ᠬᠥᠰᠬᠡ ᠶᠢ ᠵᠠᠯᠠᠵᠤ ᠵᠢᠯᠣᠭᠤᠳᠬᠤ ᠪᠠ ᠡᠮᠴᠢ ᠰᠤᠪᠢᠯᠠᠭᠴᠢ ᠶᠢᠨ ᠬᠦᠴᠦᠨ ᠤ ᠲᠤᠬᠢᠷᠠᠭᠤᠯᠤᠯᠳᠠ ᠶᠢ ᠴᠢᠩᠭᠠᠳᠬᠠᠵᠤ᠂  ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ  ᠰᠠᠶᠢᠲᠤᠷ ᠴᠣᠭᠴᠠᠯᠠᠬᠤ ᠬᠡᠷᠡᠭᠲᠡᠢ ᠃ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ 》 ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂  ᠬᠢᠯᠢ  ᠶᠢᠨ ᠪᠣᠭᠤᠮᠲᠠ ᠶᠢᠨ ᠪᠢᠲᠡᠭᠦᠮᠵᠢᠯᠡᠭᠰᠡᠨ ᠲᠣᠭᠤᠷᠢᠭ ᠲᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠶ ᠪᠣᠳᠠᠲᠠᠶ ᠨᠠᠶᠢᠳᠠᠪᠤᠷᠢᠵᠢᠭᠤᠯᠵᠤ᠂ 《  ᠪᠢᠲᠡᠭᠦᠮᠵᠢᠯᠡᠯ ᠢ ᠡᠪᠡᠳᠬᠦ 》 ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ ᠃ ᠦᠵᠡᠮᠵᠢ ᠶᠢᠨ ᠣᠷᠣᠨ ᠦᠵᠡᠮᠵᠢ ᠶᠢᠨ ᠴᠡᠭ᠂ ᠵᠣᠴᠢᠳ ᠤᠨ ᠪᠠᠭᠤᠳᠠᠯ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠬᠠᠮᠢᠶᠠᠷᠤᠯᠲᠠ ᠡᠵᠡᠮᠳᠡᠯ ᠢ ᠤᠯᠠᠮ ᠴᠢᠨᠠᠭᠰᠢᠳᠠ ᠴᠢᠩᠭᠠᠳᠬᠠᠵᠤ᠂ ᠠᠮᠠᠪᠴᠢ ᠵᠡᠭᠦᠬᠦ᠂ ᠺᠣᠳ᠋ ᠰᠢᠷᠪᠢᠬᠦ᠂ ᠪᠡᠶ᠎ᠡ ᠶᠢᠨ ᠬᠠᠯᠠᠭᠤᠨ ᠢ ᠬᠡᠮᠵᠢᠬᠦ᠂ ᠪᠥᠭᠡᠮ ᠬᠦᠴᠢᠯ ᠤᠨ ᠮᠡᠳᠡᠭᠦᠯᠦᠯᠲᠡ ᠶᠢ ᠪᠠᠶᠢᠴᠠᠭᠠᠨ ᠰᠢᠯᠭᠠᠬᠤ ᠵᠡᠷᠭᠡ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ  ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ  ᠭᠡᠵᠦ  ᠬᠡᠯᠡᠵᠠᠢ ᠃
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ