ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠢᠤᠢ ᠸᠧᠶ ᠳ᠋ᠦᠩ ᠪᠥᠬᠦ ᠤᠯᠤᠰ ᠤᠨ | ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ | ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠪᠠᠷᠢᠮᠵᠢᠶ᠎ᠠ ᠳᠤ | ᠬᠦᠷᠭᠡᠬᠦ ᠶᠢ ᠴᠢᠨᠠᠭᠰᠢᠳᠠ ᠠᠬᠢᠭᠤᠯᠪᠠ ᠃ ᠬᠤᠲᠠ ᠶᠢᠨ ᠤᠳᠤᠷᠢᠳᠤᠯᠭ᠎ᠠ ᠳ᠋ᠧᠩ ᠶᠤᠸᠠᠢ ᠱᠧᠩ᠂ ᠸᠠᠩ ᠲᠤᠤ᠂ | ᠵᠢᠶᠤᠤ ᠵᠢᠶᠧ᠂ ᠸᠠᠩ ᠴᠦᠨ ᠫᠧᠩ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | ᠢᠤᠢ ᠸᠧᠢ ᠳ᠋ᠦᠩ ᠤᠷᠢᠳ ᠬᠤᠵᠢᠳ ᠹᠦ᠋ ᠷᠦᠩ ᠰᠢᠨ᠎ᠡ ᠲᠣᠰᠬᠤᠨ᠂ ᠳ᠋ᠧ ᠹᠧᠩ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ᠂ ᠬᠤᠳᠠ ᠶᠢᠨ ᠠᠷᠠᠳ ᠤᠨ ᠠᠭᠤᠳᠠᠮ ᠲᠠᠯᠠᠪᠠᠢ᠂ ᠬᠤᠩ ᠯᠧᠦ ᠵᠡᠭᠡᠯᠢ ᠶᠢᠨ | ᠥᠷᠯᠥᠭᠡ ᠶᠢᠨ ᠵᠠᠬ᠎ᠠ ᠳᠡᠯᠭᠡᠭᠦᠷ᠂ ᠮᠦᠽᠧᠢ᠂ ᠹᠦ᠋ ᠴᠧᠩ ᠨᠡᠶᠢᠭᠡᠮ ᠲᠣᠭᠤᠷᠢᠭ ᠪᠣᠯᠤᠨ ᠤᠯᠤᠰ ᠤᠨ ᠡᠭᠦᠳᠡ | ᠦᠵᠡᠮᠵᠢ ᠶᠢᠨ ᠣᠷᠣᠨ ᠵᠡᠷᠭᠡ ᠴᠢᠬᠤᠯᠠ ᠭᠠᠵᠠᠷ ᠲᠤ ᠬᠦᠷᠴᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ | ᠠᠵᠢᠯ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠰᠢᠨ᠎ᠡ ᠶᠢ | ᠡᠭᠦᠳᠬᠦ ᠬᠤᠳᠠ ᠶᠢᠨ ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ᠂ ᠬᠢᠨᠠᠨ ᠵᠢᠯᠣᠭᠤᠳᠴᠤ ᠢᠯᠡᠷᠡᠭᠦᠯᠦᠭᠰᠡᠨ | ᠠᠰᠠᠭᠤᠳᠠᠯ ᠢ ᠲᠤᠬᠠᠢ ᠶᠢᠨ ᠲᠠᠯᠠᠪᠠᠢ ᠳᠤ ᠲᠤᠰᠢᠶᠠᠨ ᠰᠢᠢᠳᠪᠦᠷᠢᠯᠡᠭᠦᠯᠪᠡ ᠃ | ᠢᠤᠢ ᠸᠧᠶ ᠳ᠋ᠦᠩ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠪᠥᠬᠦ ᠬᠤᠲᠠ | ᠶᠢᠨ ᠠᠷᠠᠳ ᠲᠤ ᠪᠤᠶᠠᠨ ᠦᠶᠯᠡᠳᠬᠦ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ | ᠢᠨᠵᠧᠨᠧᠷᠢᠩ ᠮᠥᠨ᠂ ᠡᠯ᠎ᠡ ᠬᠤᠯᠪᠣᠭᠳᠠᠯ ᠪᠥᠬᠦᠶ ᠨᠢᠭᠡᠴᠡ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ | ᠰᠡᠳᠬᠢᠯᠭᠡ ᠪᠠᠨ ᠳᠡᠭᠡᠭᠰᠢᠯᠡᠭᠦᠯᠵᠦ᠂ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠤᠨ᠂ ᠡᠭᠦᠷᠭᠡ ᠴᠢᠳᠠᠪᠤᠷᠢ | ᠶᠢᠨ ᠦᠶᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠪᠠᠭ᠎ᠠ | ᠲᠣᠭᠤᠷᠢᠭ ᠤᠨ ᠳᠤᠷ᠎ᠠ ᠪᠠᠷ ᠢᠶᠠᠨ ᠲᠠᠲᠠᠭᠰᠠᠨ ᠴᠠᠬᠢᠯᠭᠠᠨ ᠤᠲᠠᠰᠦ᠂ ᠬᠡᠷᠡᠮ ᠤᠨ ᠭᠠᠳᠠᠷᠭᠤ ᠶᠢᠨ ᠡᠷᠡᠭᠦᠯ | ᠬᠠᠮᠠᠭᠠᠯᠠᠯ᠂ ᠳᠤᠷ᠎ᠠ ᠲᠠᠪᠠ ᠪᠠᠷ ᠢᠶᠠᠨ ᠲᠡᠷᠭᠡ ᠵᠣᠭᠰᠣᠭᠠᠬᠤ ᠪᠠ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠵᠡᠷᠭᠡ | ᠠᠰᠠᠭᠤᠳᠠᠯ ᠳᠤ ᠴᠢᠭᠯᠡᠭᠦᠯᠦᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ | ᠂ ᠲᠦᠷᠭᠡᠨ ᠴᠡᠭᠴᠡᠯᠡᠨ ᠰᠠᠶᠢᠵᠢᠷᠠᠭᠤᠯᠵᠤ᠂ ᠪᠥᠬᠦ ᠬᠦᠴᠦᠨ ᠢᠶᠠᠷ ᠢᠶᠠᠨ ᠣᠯᠠᠨ ᠲᠦᠮᠡᠨ ᠳᠤ ᠲᠠᠭᠠᠯᠠᠮᠵᠢᠲᠠᠶ ᠪᠥᠭᠡᠳ | ᠡᠮᠬᠢ ᠵᠢᠷᠤᠮ ᠲᠠᠢ ᠣᠷᠣᠨ ᠰᠠᠭᠤᠴᠠ ᠶᠢᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ ᠃ ᠨᠢᠭᠡᠳᠦᠯᠲᠡᠢ | ᠲᠥᠯᠥᠪᠵᠢᠭᠦᠯᠵᠦ ᠵᠥᠷᠢᠶ᠎ᠡ ᠪᠠᠨ ᠡᠷᠢᠵᠦ ᠳᠤᠲᠠᠭᠤᠳᠠᠯ ᠢᠶᠠᠨ ᠨᠥᠬᠦᠪᠥᠷᠢᠯᠡᠵᠦ᠂ ᠰᠠᠭᠤᠷᠢ ᠲᠥᠬᠦᠭᠡᠷᠦᠮᠵᠢ ᠶᠢ | ᠲᠠᠬᠢᠨ ᠪᠦᠷᠢᠨᠰᠢᠬᠦᠯᠬᠦ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠲᠠᠬᠢᠨ ᠴᠡᠭᠴᠡᠯᠡᠨ ᠵᠠᠰᠠᠬᠤ᠂ ᠤᠯᠠᠨ | ᠨᠡᠶᠢᠲᠡ ᠶᠢᠨ ᠦᠢᠯᠡᠴᠢᠯᠡᠭᠡ ᠶᠢ ᠲᠠᠬᠢᠨ ᠰᠢᠯᠢᠳᠡᠭᠵᠢᠭᠦᠯᠬᠦ ᠶᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠢ ᠪᠦᠬᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ | ᠣᠯᠠᠨ ᠵᠦᠶᠯ ᠤᠨ ᠬᠡᠯᠪᠡᠷᠢ ᠶᠢ ᠬᠡᠷᠡᠭᠯᠡᠨ᠂ ᠡᠷᠴᠢᠮ ᠶᠡᠬᠡᠲᠡᠶ᠂ ᠥᠷᠭᠡᠨ ᠢᠶᠠᠷ ᠬᠠᠮᠤᠷᠬᠤ ᠤᠬᠠᠭᠤᠯᠭ᠎ᠠ | ᠳᠠᠶᠢᠴᠢᠯᠠᠯᠲᠠ ᠶᠢ ᠥᠷᠨᠢᠭᠦᠯᠵᠦ᠂ ᠣᠯᠠᠨ ᠲᠦᠮᠡᠨ ᠢ ᠳᠠᠶᠢᠴᠢᠯᠠᠨ ᠡᠭᠦᠳᠦᠨ ᠪᠠᠶᠢᠭᠤᠯᠬᠤ ᠠᠵᠢᠯ ᠢ ᠲᠡᠮᠵᠢᠬᠦ ᠪᠠ | ᠤᠷᠤᠯᠴᠠᠬᠤ ᠪᠤᠯᠭᠠᠵᠦ ᠂ ᠪᠥᠬᠦ ᠠᠷᠠᠳ ᠤᠨᠬᠠᠮᠲᠤ ᠪᠠᠷ ᠡᠭᠦᠳᠦᠨ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ | ᠬᠦᠴᠦᠨ ᠢ ᠨᠢᠭᠲᠠᠷᠠᠭᠤᠯᠬᠤ ᠬᠡᠷᠡᠭᠲᠡᠶ ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ | ᠡᠭᠦᠳᠬᠦ᠂ ᠬᠤᠳᠠ ᠶᠢᠨ ᠠᠷᠠᠳ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ | ᠠᠷᠠᠳ ᠤᠯᠠᠨ ᠳᠤ ᠬᠤᠳᠠ ᠶᠢᠨ ᠬᠥᠭᠵᠢᠯᠲᠡ ᠠᠴᠠ ᠪᠣᠯᠣᠬᠰᠠᠨ ᠬᠤᠪᠢᠷᠠᠯᠲᠠ ᠶᠢ ᠦᠨᠡᠨ ᠬᠦ ᠮᠡᠳᠡᠷᠡᠭᠦᠯᠵᠦ᠂ | ᠤᠯᠠᠨ ᠲᠦᠮᠡᠨ ᠤ ᠵᠢᠷᠭᠠᠯ ᠲᠠᠢ ᠰᠠᠨᠠᠭᠳᠠᠬᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ | ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠵᠠᠢ ᠃ |