8 ᠰᠠᠷ᠎ᠠ ᠶᠢᠨ 2 ᠤᠨ ᠡᠳᠦᠷ᠂ ᠮᠠᠨᠵᠤᠤᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ | ᠶᠢᠨ ᠳᠠᠷᠤᠭ᠎ᠠ ᠶᠤᠸᠠᠢ ᠭᠦᠸᠧ ᠳ᠋ᠦᠩ ᠪᠣᠭᠤᠮᠲᠠ ᠶᠢᠨ ᠪᠢᠲᠡᠭᠦᠮᠵᠢᠯᠡᠭᠰᠡᠨ ᠲᠣᠭᠤᠷᠢᠭ ᠲᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ | ᠰᠤᠯᠠᠷᠠᠬᠤ ᠰᠡᠳᠭᠢᠯᠭᠡ᠂ ᠭᠤᠷᠢᠳᠠᠬᠤ ᠪᠣᠳᠣᠯ ᠂ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠯᠢ ᠶᠢᠨ | ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠲᠠ ᠪᠣᠯᠭᠤᠮᠵᠢᠲᠠᠶ ᠪᠠᠷ ᠰᠠᠶᠢᠲᠤᠷ | ᠬᠢᠬᠦ ᠬᠡᠷᠡᠭᠲᠡᠶ ᠭᠡᠵᠦ ᠴᠢᠬᠤᠯᠠᠴᠢᠯᠠᠪᠠ ᠃ | ᠯᠢᠦ ᠼᠦᠨ ᠵᠦ᠂ ᠪᠤᠦ ᠸᠧᠢ ᠳ᠋ᠦᠩ᠂ ᠭᠦᠸᠧ ᠰᠢᠶᠤᠤ ᠹᠠᠩ᠂ ᠴᠧᠩ ᠭᠦᠸᠧ ᠪᠢᠨ᠂ ᠵᠢᠶᠠᠩ ᠳ᠋ᠦᠩ ᠮᠢᠨ | ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ ᠃ | ᠶᠤᠸᠠᠢ ᠭᠦᠸᠧ ᠳ᠋ᠦᠩ ᠤᠷᠢᠳ ᠬᠤᠵᠢᠳ ᠬᠡᠰᠡᠭ ᠪᠢᠲᠡᠭᠦᠮᠵᠢᠯᠡᠭᠰᠡᠨ ᠲᠣᠭᠤᠷᠢᠭ ᠤᠨ ᠸᠢᠳᠢᠣ᠋ ᠬᠢᠨᠠᠨ | ᠡᠵᠡᠮᠳᠡᠵᠦ ᠲᠣᠬᠢᠷᠠᠭᠤᠯᠬᠤ ᠲᠥᠪ᠂ ᠨᠠᠮ ᠤᠨ ᠭᠡᠰᠢᠭᠦᠨ ᠤ ᠭᠠᠪᠰᠢᠭᠠᠶ ᠠᠩᠭᠢ ᠶᠢᠨ ᠵᠢᠵᠢᠭᠦᠷᠯᠡᠨ ᠰᠠᠬᠢᠬᠤ | ᠪᠣᠭᠤᠮᠲᠠ ᠪᠣᠯᠤᠨ ᠱᠧᠩ ᠲᠢᠶᠠᠨ ᡂᠢ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠶᠳᠪᠦᠷᠢᠯᠡᠬᠦ ᠲᠥᠪ ᠲᠤ ᠬᠦᠷᠴᠦ᠂ | ᠡᠯ᠎ᠡ ᠲᠠᠯᠠᠪᠤᠷ ᠲᠣᠭᠤᠷᠢᠭ ᠤᠨ ᠠᠷᠢᠭᠤᠳᠬᠠᠨ ᠪᠠᠺᠲ᠋ᠧᠷᠢ ᠶᠢ ᠤᠰᠠᠳᠬᠠᠬᠤ᠂ ᠪᠢᠲᠡᠭᠦᠮᠵᠢᠯᠡᠭᠰᠡᠨ ᠲᠣᠭᠤᠷᠢᠭ ᠤᠨ | ᠠᠵᠢᠯᠲᠠᠨ ᠤ ᠬᠠᠮᠢᠶᠠᠷᠤᠯᠲᠠ᠂ ᠡᠮᠴᠢᠯᠡᠭᠡᠨ ᠤ ᠬᠤᠭ ᠨᠣᠪᠰᠢ ᠶᠢ ᠰᠢᠶᠳᠪᠦᠷᠢᠯᠡᠬᠦ ᠵᠡᠷᠭᠡ ᠠᠵᠢᠯ ᠢ ᠥᠷᠨᠢᠭᠦᠯᠦᠭᠰᠡᠨ | ᠪᠠᠶᠢᠳᠠᠯ ᠵᠢᠴᠢ ᠡᠯ᠎ᠡ ᠱᠠᠲᠤᠨ ᠤ ᠠᠵᠢᠯᠯᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠢ ᠨᠠᠷᠢᠨ | ᠣᠶᠢᠯᠠᠭᠠᠪᠠ ᠃ | ᠶᠤᠸᠠᠢ ᠭᠦᠸᠧ ᠳ᠋ᠦᠩ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠣᠯ ᠢᠮᠠᠭᠲᠠ ᠬᠢᠯᠢ ᠶᠢᠨ ᠪᠣᠭᠤᠮᠲᠠ ᠶᠢᠨ ᠠᠵᠢᠯ ᠤᠨ ᠴᠢᠬᠤᠯᠠ ᠠᠴᠠ ᠴᠢᠬᠤᠯᠠ ᠠᠵᠢᠯ ᠪᠣᠯᠤᠨ᠎ᠠ᠂ | ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠭᠠᠵᠠᠷ ᠣᠷᠣᠨ ᠤ ᠬᠢᠵᠢᠭ ᠤᠨ ᠪᠠᠶᠢᠳᠠᠯ | ᠨᠢ ᠪᠢᠳᠡᠨ ᠳᠤ ᠳᠠᠬᠢᠨᠲᠠ ᠰᠡᠷᠡᠮᠵᠢ ᠶᠢᠨ ᠳᠣᠬᠢᠶ᠎ᠠ ᠥᠭᠴᠦ᠂ ᠡᠯ᠎ᠡ ᠠᠵᠢᠯᠯᠠᠬᠤ ᠳᠤᠭᠤᠶᠢᠯᠠᠩ᠂ ᠲᠤᠰᠬᠠᠶ ᠪᠠᠭ᠂ | ᠳᠠᠭᠠᠭᠠᠴᠢᠯᠠᠨ ᠬᠠᠷᠢᠯᠴᠠᠬᠤ ᠳᠤᠭᠤᠶᠢᠯᠠᠩ ᠤᠨ ᠬᠢᠨ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ | ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ 》 ᠶᠡᠷᠦᠩᠬᠡᠶ ᠠᠷᠭ᠎ᠠ ᠪᠣᠳᠣᠯᠭ᠎ᠠ ᠪᠣᠯᠤᠨ | 《 ᠨᠡᠶᠢᠭᠡᠮ ᠳᠡᠭᠡᠷᠡᠬᠢ ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ 》 ᠶᠡᠷᠦᠩᠬᠡᠶ ᠴᠢᠭᠯᠡᠯᠲᠡ ᠶᠢ ᠪᠠᠷᠢᠮᠲᠠᠯᠠᠵᠤ | ᠂ ᠲᠠᠶᠢᠪᠤᠰᠢᠷᠠᠬᠤ ᠦᠵᠡᠯ ᠰᠠᠨᠠᠭ᠎ᠠ᠂ ᠬᠠᠯᠰᠢᠷᠠᠬᠤ ᠰᠡᠳᠬᠢᠯᠭᠡ᠂ ᠭᠤᠷᠢᠳᠠᠬᠤ ᠪᠣᠳᠣᠯ᠂ ᠰᠤᠯᠠᠷᠠᠬᠤ ᠰᠡᠳᠬᠢᠯᠭᠡ ᠶᠢ | ᠡᠷᠡᠰ ᠲᠡᠪᠴᠢᠵᠦ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠨ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ | ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ | ᠬᠥᠭᠵᠢᠯᠲᠡ ᠶᠢ ᠪᠦᠲᠦᠮᠵᠢ ᠰᠠᠶᠢᠲᠠᠢ ᠪᠠᠷ ᠨᠢᠭᠡᠳᠦᠯᠲᠡᠶ ᠲᠥᠯᠥᠪᠵᠢᠭᠦᠯᠵᠦ᠂ ᠡᠬᠡ ᠤᠯᠤᠰ ᠤᠨ 《 ᠤᠮᠠᠷᠠᠲᠤ | ᠡᠭᠦᠳᠡ 》 ᠶᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠶᠤᠸᠠᠢ ᠭᠦᠸᠧ ᠳ᠋ᠦᠩ᠂ ᠡᠯ᠎ᠡ ᠲᠠᠯᠠᠪᠤᠷ ᠲᠤᠭᠤᠷᠢᠭ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠡᠯ᠎ᠡ ᠵᠦᠶᠯ | ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠷᠤᠮᠵᠢᠭᠰᠠᠨ ᠠᠵᠢᠯᠯᠠᠭᠠᠨ ᠤ ᠪᠣᠯᠪᠠᠰᠤᠷᠠᠭᠤᠯᠤᠯ ᠤᠨ | ᠠᠵᠢᠯ ᠢ ᠰᠠᠶᠢᠲᠤᠷ ᠬᠢᠵᠦ᠂ ᠠᠵᠢᠯᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠤᠬᠠᠮᠰᠠᠷ ᠪᠠ ᠬᠤᠪᠢ ᠬᠥᠮᠦᠨ ᠤ | ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠬᠠᠮᠲᠤ ᠰᠡᠳᠬᠢᠴᠡ ᠶᠢᠨ | ᠵᠢᠯᠣᠭᠤᠳᠣᠯᠭ᠎ᠠ ᠪᠠ ᠬᠥᠮᠦᠯᠢᠭ ᠬᠠᠯᠠᠮᠵᠢᠯᠠᠯ ᠢ ᠰᠠᠶᠢᠲᠤᠷ ᠬᠢᠬᠦ ᠬᠡᠷᠡᠭᠲᠡᠶ ᠃ ᠡᠯ᠎ᠡ ᠠᠵᠢᠯᠯᠠᠬᠤ ᠳᠤᠭᠤᠶᠢᠯᠠᠩ ᠤᠨ | ᠬᠢᠨ ᠲᠣᠰ ᠪᠡᠶ᠎ᠡ ᠶᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠭᠦᠶᠴᠡᠳ ᠪᠠᠳᠠᠷᠠᠭᠤᠯᠵᠤ᠂ | ᠤᠶᠢᠯᠠᠭᠠᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠳᠣᠲᠣᠨ᠎ᠠ ᠭᠠᠳᠠᠨ᠎ᠠ ᠳᠠᠭᠤ ᠠᠪᠤᠯᠴᠠᠵᠤ᠂ ᠬᠠᠷᠢᠯᠴᠠᠨ | ᠨᠥᠬᠦᠪᠥᠷᠢᠯᠡᠵᠦ᠂ ᠬᠢᠨᠠᠯᠲᠠ ᠬᠠᠮᠢᠶᠠᠷᠤᠯᠲᠠ ᠪᠠᠨ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ᠥᠨᠴᠥᠭ | ᠪᠤᠯᠤᠩ ᠥᠬᠡᠶ ᠪᠠᠶᠢᠴᠠᠭᠠᠵᠦ᠂ ᠦᠯᠡᠳᠡᠭᠰᠡᠨ ᠭᠠᠵᠠᠷ ᠥᠬᠡᠶ ᠪᠠᠶᠢᠬᠤ ᠶᠢ ᠦᠨᠡᠨ ᠬᠦ ᠪᠡᠶᠡᠯᠡᠭᠦᠯᠵᠦ᠂ ᠪᠣᠭᠤᠮᠲᠠ | ᠶᠢᠨ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ | ᠦᠨᠡᠨ ᠬᠦ ᠴᠣᠭᠴᠠᠯᠠᠬᠤ ᠬᠡᠷᠡᠭᠲᠡᠶ ᠭᠡᠵᠦ ᠱᠠᠭᠠᠷᠳᠠᠵᠠᠢ᠃ |