ᠮᠠᠨ ᠤ ᠬᠤᠲᠠ ᠶᠢᠨ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠠᠵᠢᠯ ᠤᠨ ᠪᠠᠶᠢᠳᠠᠯ ᠢ ᠴᠠᠭ ᠪᠥᠬᠦ ᠤᠯᠤᠰ ᠤᠨ ᠡᠬᠡ ᠨᠢᠯᠬᠠᠰ ᠤᠨ ᠲᠤᠭ᠎ᠠ ᠪᠠᠷᠢᠮᠲᠠ ᠪᠥᠬᠦ ᠤᠯᠤᠰ ᠤᠨ ᠡᠬᠡ | ᠨᠢᠯᠬᠠᠰ ᠤᠨ ᠡᠷᠡᠭᠦᠯ ᠮᠡᠨᠳᠦ ᠶᠢᠨ ᠪᠦᠷᠢᠳᠬᠡᠯ ᠤᠨ ᠪᠠᠶᠢᠴᠠᠭᠠᠯᠲᠠ ᠶᠢᠨ ᠲᠦᠷᠢᠮ ᠤᠨ ᠠᠵᠢᠯ ᠤᠨ ᠱᠠᠭᠠᠷᠳᠠᠯᠭ᠎ᠠ | ᠶᠣᠰᠣᠭᠠᠷ᠂ 1 ᠰᠠᠷ᠎ᠠ ᠶᠢᠨ 4 ᠤ ᠡᠳᠦᠷ ᠠᠴᠠ ᠡᠬᠢᠯᠡᠨ ᠬᠤᠲᠠ ᠶᠢᠨ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ | ᠦᠷᠡᠵᠢᠯ ᠤᠨ ᠦᠢᠯᠡᠴᠢᠯᠡᠭᠡᠨ ᠤ ᠲᠥᠪ ᠤᠨ ᠶᠠᠰᠤ ᠴᠢᠨᠠᠷ ᠢ ᠡᠵᠡᠮᠳᠡᠬᠦ ᠳᠤᠭᠤᠶᠢᠯᠠᠩ ᠤᠨ 5 ᠭᠡᠰᠢᠭᠦᠨ ᠮᠠᠨ ᠤ | ᠬᠤᠲᠠ ᠶᠢᠨ 3 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠯ᠎ᠡ ᠡᠮᠴᠢᠯᠡᠭᠡᠨ ᠤ | ᠪᠠᠶᠢᠭᠤᠯᠤᠮᠵᠢ ᠪᠠ ᠰᠢᠨ ᠺᠠᠶ ᠾᠧ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠬᠡ ᠨᠢᠯᠬᠠᠰ ᠤᠨ ᠡᠷᠡᠭᠦᠯ | ᠬᠠᠮᠠᠭᠠᠯᠠᠯ ᠤᠨ ᠠᠵᠢᠯ ᠳᠤ ᠪᠥᠬᠦ ᠵᠢᠯ ᠤᠨ ᠡᠬᠡ ᠨᠢᠯᠬᠠᠰ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠪᠠ | ᠬᠢᠨᠠᠨ ᠵᠢᠯᠣᠭᠤᠳᠴᠤ ᠪᠠᠶᠢᠴᠠᠭᠠᠯᠲᠠ ᠬᠢᠪᠠ᠃ ᠲᠣᠰ ᠤᠳᠠᠭᠠᠨ ᠤ ᠰᠢᠪᠠᠳᠠᠨ ᠵᠢᠯᠣᠭᠤᠳᠴᠤ ᠪᠠᠶᠢᠴᠠᠭᠠᠬᠤ ᠠᠵᠢᠯ ᠨᠢ | ᠬᠤᠯᠪᠣᠭᠳᠠᠯ ᠪᠥᠬᠦᠶ ᠠᠵᠢᠯᠲᠠᠨ ᠤ ᠬᠦᠴᠦᠲᠡᠶ ᠳᠡᠮᠵᠢᠯᠭᠡ ᠪᠠ ᠬᠠᠮᠵᠢᠯᠴᠠᠭ᠎ᠠ ᠶᠢᠨ ᠳᠣᠤᠷ᠎ᠠ᠂ ᠡᠬᠡ ᠨᠢᠯᠬᠠᠰ ᠤᠨ | ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠡᠵᠡᠮᠳᠡᠬᠦ ᠪᠠ ᠰᠢᠪᠠᠳᠠᠨ ᠵᠢᠯᠣᠭᠤᠳᠬᠤ ᠠᠵᠢᠯ ᠢ | ᠤᠷᠤᠭᠰᠢᠲᠠᠶ ᠪᠡᠶᠡᠯᠡᠭᠦᠯᠵᠦ᠂ ᠶᠠᠰᠤ ᠴᠢᠨᠠᠷ ᠢ ᠡᠵᠡᠮᠳᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠬᠠᠷᠢᠭᠤ | ᠲᠤᠰᠬᠠᠪᠠ᠃ | ᠶᠠᠰᠤ ᠴᠢᠨᠠᠷ ᠤᠨ ᠪᠠᠶᠢᠴᠠᠭᠠᠯᠲᠠ ᠶᠢᠨ ᠠᠭᠤᠯᠭ᠎ᠠ ᠵᠢᠴᠢ ᠬᠢᠨᠠᠨ ᠵᠢᠯᠣᠭᠤᠳᠬᠤ ᠠᠵᠢᠯ ᠪᠣᠯ ᠡᠬᠡ ᠨᠢᠯᠬᠠᠰ ᠤᠨ | ᠡᠷᠡᠭᠦᠯ ᠬᠠᠮᠠᠭᠠᠯᠠᠯ ᠤᠨ ᠣᠨ ᠤ ᠮᠡᠳᠡᠭᠦᠯᠦᠯᠲᠡ ᠳᠠᠬᠢ ᠪᠣᠶ ᠪᠥᠬᠦᠶ ᠭᠦᠢᠴᠡᠳᠭᠡᠯ ᠲᠤᠭ᠎ᠠ ᠶᠢᠨ ᠳᠡᠭᠡᠭᠰᠢ ᠮᠡᠳᠡᠭᠦᠯᠬᠦ | ᠶᠠᠰᠤ ᠴᠢᠨᠠᠷ ᠢ ᠵᠢᠭᠠᠵᠤ᠂ ᠲᠣᠰ ᠵᠢᠯ ᠤᠨ ᠠᠮᠢᠳᠤ ᠬᠥᠩᠭᠡᠵᠢᠯᠲᠡ᠂ ᠵᠢᠷᠮᠦᠰᠦᠨ ᠪᠦᠰᠡᠭᠦᠶ ᠪᠠ ᠬᠡᠤᠬᠡᠳ ᠤᠨ | ᠡᠷᠡᠭᠦᠯᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠭᠦᠢᠴᠡᠳᠭᠡᠯ ᠲᠤᠭ᠎ᠠ ᠶᠢ ᠭᠤᠤᠯᠳᠠᠯᠭ᠎ᠠ ᠲᠠᠢ ᠬᠠᠷᠭᠤᠭᠤᠯᠤᠨ | ᠪᠠᠶᠢᠴᠠᠭᠠᠨ᠎ᠠ᠂ ᠡᠭᠦᠨ ᠳᠤ ᠲᠣᠰ ᠵᠢᠯ ᠤᠨ ᠠᠮᠢᠳᠤ ᠬᠥᠩᠭᠡᠵᠢᠯᠲᠡ᠂ ᠵᠢᠷᠮᠦᠰᠦᠨ ᠡᠮᠡᠭᠲᠡᠶ ᠪᠠ ᠬᠥᠩᠭᠡᠵᠢᠭᠴᠢ ᠶᠢᠨ | ᠥᠭᠦᠭᠰᠡᠨ᠂ 5 ᠨᠠᠰᠤᠨ ᠠᠴᠠ ᠳᠣᠷᠣᠭᠰᠢᠬᠢ ᠬᠡᠤᠬᠡᠳ ᠥᠭᠦᠭᠰᠡᠨ᠂ ᠬᠥᠩᠭᠡᠵᠢᠭᠰᠡᠨ ᠬᠡᠤᠬᠡᠳ ᠤᠨ ᠥᠭᠦᠭᠰᠡᠨ᠂ | ᠬᠡᠪᠡᠯᠢ ᠳᠠᠬᠢ ᠬᠡᠤᠬᠡᠳ ᠤᠨ ᠥᠭᠦᠭᠰᠡᠨ᠂ ᠳᠤᠲᠠᠭᠤ ᠲᠣᠷᠭᠤᠨ ᠲᠥᠷᠥᠭᠰᠡᠨ ᠪᠠᠶᠢᠳᠠᠯ ᠢ ᠮᠡᠳᠡᠭᠦᠯᠬᠦ ᠠᠴᠠ | ᠭᠤᠭᠤᠵᠢᠭᠳᠠᠭᠰᠠᠨ ᠪᠠᠶᠢᠳᠠᠯ ᠪᠠᠭᠲᠠᠨ᠎ᠠ︔ ᠵᠢᠷᠮᠦᠰᠦᠨ ᠡᠮᠡᠭᠲᠡᠶ ᠶᠢᠨ ᠰᠢᠰᠲ᠋ᠧᠮ ᠤᠨ ᠬᠠᠮᠢᠶᠠᠷᠤᠯᠲᠠ᠂ 3 | ᠨᠠᠰᠤᠨ ᠠᠴᠠ ᠳᠣᠷᠣᠭᠰᠢᠬᠢ ᠬᠡᠦᠬᠡᠳ ᠤᠨ ᠰᠢᠰᠲ᠋ᠧᠮ ᠤᠨ ᠬᠠᠮᠢᠶᠠᠷᠤᠯᠲᠠ ᠵᠢᠴᠢ ᠡᠮᠨᠡᠯᠭᠡ ᠳᠤ ᠰᠠᠭᠤᠵᠤ | ᠬᠥᠩᠭᠡᠵᠢᠬᠦ ᠳᠤ ᠲᠣᠬᠢᠷᠠᠬᠤ ᠪᠠᠶᠢᠳᠠᠯ ᠵᠡᠷᠭᠡ᠃ ᠣᠷᠣᠰᠢᠵᠤ ᠪᠠᠶᠢᠭ᠎ᠠ ᠠᠰᠠᠭᠤᠳᠠᠯ ᠢ ᠠᠵᠢᠯᠲᠠᠳ ᠲᠠᠢ ᠲᠤᠬᠠᠶ ᠶᠢᠨ | ᠲᠠᠯᠠᠪᠤᠷ ᠲᠤ ᠰᠣᠯᠢᠯᠴᠠᠬᠤ ᠶᠢᠨ ᠬᠠᠮᠲᠤ ᠬᠢᠨᠠᠨ ᠵᠢᠯᠣᠭᠤᠳᠤᠭᠰᠠᠨ ᠲᠡᠮᠳᠡᠭᠯᠡᠯ ᠢ ᠪᠦᠷᠢᠯᠳᠦᠭᠦᠯᠦᠨ ᠬᠠᠷᠢᠭᠤ | ᠲᠤᠰᠬᠠᠪᠠ᠃ | ᠲᠣᠰ ᠤᠳᠠᠭᠠᠨ ᠤ ᠰᠢᠪᠠᠳᠠᠨ ᠵᠢᠯᠣᠭᠤᠳᠴᠤ ᠪᠠᠶᠢᠴᠠᠭᠠᠬᠤ ᠠᠵᠢᠯ ᠨᠢ ᠮᠠᠨᠵᠤᠤᠷ ᠬᠤᠲᠠ ᠶᠢᠨ ᠦᠨᠳᠦᠰᠦᠨ | ᠱᠠᠲᠤᠨ ᠤ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠠᠵᠢᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ | ᠵᠢᠷᠤᠮᠵᠢᠭᠤᠯᠤᠨ᠂ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ | ᠣᠨᠣᠪᠴᠢᠲᠤ ᠴᠢᠨᠠᠷ᠂ ᠨᠢᠭᠡᠳᠦᠯᠲᠦ ᠴᠢᠨᠠᠷ ᠢ ᠪᠠᠲᠤᠯᠠᠭᠰᠠᠨ ᠪᠠᠶᠢᠨ᠎ᠠ᠃ | |