ᠮᠠᠨᠵᠤᠤᠷ ᠬᠤᠲᠠ ᠣᠨᠴᠠ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠪᠠ
ᠨᠡᠶᠢᠲᠡᠯᠡᠭᠰᠡᠨ ᠴᠠᠭ᠄
2023/1/9
     ᠮᠠᠨᠵᠤᠤᠷ ᠬᠤᠲᠠ ᠡᠨᠡ ᠵᠢᠯ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠶᠢᠨ ᠲᠣᠭᠤᠷᠢᠨ ᠳᠤ᠂ ᠨᠠᠷᠢᠨ ᠨᠢᠮᠪᠠᠢ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠲᠦᠷᠭᠡᠨ᠂ ᠰᠢᠯᠢᠳᠡᠭ᠂ ᠪᠣᠳᠠᠲᠠᠢ᠂ ᠴᠢᠩᠭ᠎ᠠ ᠪᠠᠶᠢᠬᠤ ᠵᠠᠷᠴᠢᠮ ᠶᠣᠰᠣᠭᠠᠷ᠂ ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠤᠯᠠᠮ ᠨᠢᠭᠡ ᠠᠯᠬᠤᠮ ᠪᠠᠲᠤᠯᠠᠵᠤ᠂ ᠣᠨᠣᠪᠴᠢᠲᠠᠶ ᠪᠠᠲᠤᠯᠠᠵᠤ᠂ ᠪᠠᠲᠤ ᠰᠠᠬᠢᠨ᠎ᠠ᠃     ᠣᠨᠴᠠ ᠬᠦᠴᠢᠷᠳᠡᠯᠲᠡᠢ ᠬᠥᠮᠥᠰ ᠤᠨ ᠦᠨᠳᠦᠰᠦᠨ ᠠᠮᠢᠳᠤᠷᠠᠯ ᠢ ᠨᠠᠩ ᠰᠠᠶᠢᠲᠤᠷ ᠪᠠᠲᠤᠯᠠᠬᠤ ᠶᠢᠨ ᠲᠥᠯᠥᠭᠡ᠂ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠦᠴᠢᠷᠳᠡᠯᠲᠡᠢ ᠣᠯᠠᠨ ᠲᠦᠮᠡᠨ ᠤ ᠠᠩᠬᠠᠷᠴᠤ ᠠᠩᠬᠠᠷᠴᠤ ᠪᠠᠶᠢᠭ᠎ᠠ ᠠᠪᠤᠷᠠᠨ ᠲᠤᠰᠠᠯᠠᠬᠤ ᠪᠡᠯᠡ ᠮᠥᠩᠭᠦ ᠶᠢ ᠲᠠᠷᠬᠠᠭᠠᠬᠤ ᠠᠴᠠ ᠭᠠᠷᠳᠠᠵᠤ᠂ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠪᠠ᠃ 2022 ᠣᠨ ᠳᠤ᠂ ᠲᠣᠰ ᠬᠤᠲᠠ ᠶᠢᠨ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠬᠥᠮᠥᠨ ᠪᠦᠷᠢ 1430 ᠲᠥᠭᠦᠷᠢᠭ ᠪᠣᠯᠭᠠᠨ ᠨᠢᠭᠡᠳᠦᠯᠲᠡᠢ ᠲᠣᠬᠢᠷᠠᠭᠤᠯᠪᠠ᠃ ᠣᠲᠣ ᠪᠣᠯᠲᠠᠯ᠎ᠠ᠂ ᠮᠠᠨᠵᠤᠤᠷ ᠬᠤᠲᠠ ᠲᠤᠬᠠᠢ ᠶᠢᠨ ᠭᠠᠵᠠᠷ ᠤᠨ 181 ᠡᠷᠦᠬᠡ 187 ᠣᠨᠴᠠ ᠬᠦᠴᠢᠷᠳᠡᠯ ᠲᠠᠢ ᠬᠥᠮᠥᠰ ᠲᠤ ᠨᠡᠶᠢᠲᠡ 271.75 ᠲᠦᠮᠡᠨ ᠲᠥᠭᠦᠷᠢᠭ ᠤᠨ ᠣᠨᠴᠠ ᠬᠦᠴᠢᠷᠳᠡᠯ ᠲᠠᠢ ᠮᠥᠩᠭᠦ ᠶᠢ ᠲᠦᠭᠡᠭᠡᠵᠦ ᠥᠭᠴᠡᠢ᠃     ᠣᠨᠴᠠ ᠬᠦᠴᠢᠷᠳᠡᠯᠲᠡᠢ ᠬᠥᠮᠥᠰ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠮᠠᠨᠵᠤᠤᠷ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠲᠠᠷᠠᠬᠠᠢ ᠪᠤᠲᠠᠷᠬᠠᠢ ᠣᠨᠴᠠ ᠬᠦᠴᠢᠷᠳᠡᠯ ᠲᠠᠢ ᠬᠥᠮᠥᠰ ᠲᠤ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠲᠣᠭᠲᠠᠭᠠᠨ ᠥᠭᠴᠦ ᠬᠠᠷᠠᠭᠠᠯᠵᠠᠨ ᠬᠠᠷᠠᠭᠠᠯᠵᠠᠵᠤ᠂ ᠶᠡᠭᠡ ᠠᠴᠠ ᠠᠪᠤᠭᠠᠳ ᠡᠮᠨᠡᠯᠭᠡ ᠳᠤ ᠬᠦᠷᠭᠡᠵᠦ ᠠᠪᠤᠷᠠᠨ ᠲᠤᠰᠠᠯᠠᠵᠤ ᠠᠰᠠᠷᠠᠨ ᠰᠤᠪᠢᠯᠠᠭᠤᠯᠬᠤ ᠬᠦᠷᠲᠡᠯ᠎ᠡ᠂ ᠪᠠᠭ᠎ᠠ ᠠᠴᠠ ᠠᠪᠤᠭᠠᠳ ᠦᠰᠦ ᠵᠠᠰᠠᠵᠤ ᠭᠡᠷ ᠵᠠᠭᠤᠷ᠎ᠠ ᠶᠢᠨ ᠠᠵᠢᠯ ᠢᠶᠠᠨ ᠳᠢᠭᠯᠡᠬᠦ ᠬᠦᠷᠲᠡᠯ᠎ᠡ᠂ ᠣᠨᠴᠠ ᠬᠦᠴᠢᠷᠳᠡᠯᠲᠡᠢ ᠬᠥᠮᠥᠰ ᠬᠡᠷᠡᠭᠴᠡᠭᠡ ᠲᠠᠢ ᠯᠡ ᠶᠤᠮ ᠪᠣᠯ᠂ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠴᠥᠮ ᠪᠥᠬᠦ ᠬᠦᠴᠦᠨ ᠢᠶᠠᠷ ᠢᠶᠠᠨ ᠬᠠᠩᠭᠠᠵᠤ᠂ ᠣᠨᠴᠠ ᠬᠦᠴᠢᠷᠳᠡᠯᠲᠡᠢ ᠬᠥᠮᠥᠰ ᠲᠤ ︽ᠡᠩ ᠤᠨ ᠴᠠᠭ ᠲᠤ ᠬᠠᠷᠠᠭᠠᠯᠵᠠᠬᠤ ᠬᠥᠮᠥᠨ ᠲᠠᠢ᠂ ᠬᠦᠴᠢᠷᠳᠡᠯ ᠢ ᠨᠢ ᠰᠢᠢᠳᠪᠦᠷᠢᠯᠡᠬᠦ ᠬᠥᠮᠥᠨ ᠲᠠᠢ︾ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠳᠤ ᠵᠢᠵᠢᠭ ᠰᠠᠵᠢᠭ ᠵᠦᠢᠯ᠂ ᠵᠠᠩᠭᠢᠯᠠᠭ᠎ᠠ ᠶᠢᠨ ᠦᠶ᠎ᠡ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠨ᠎ᠡ᠃ ᠵᠥᠪᠬᠡᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠲᠣᠰ ᠬᠤᠲᠠ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠪᠣᠯᠣᠨ ᠦᠢᠯᠡᠴᠢᠯᠡᠭᠡᠨ ᠤ ᠪᠠᠶᠢᠭᠤᠯᠤᠮᠵᠢ ᠤᠲᠠᠰᠤ᠂ ᠸᠢᠴᠠᠲ᠂ ᠣᠬᠤᠷ ᠮᠡᠳᠡᠭᠡ ᠪᠠᠷ 560 ᠬᠥᠮᠥᠨ ᠤᠳᠠᠭ᠎ᠠ ᠠᠰᠠᠭᠤᠨ ᠯᠠᠪᠯᠠᠵᠠᠢ᠃     ᠲᠠᠷᠠᠬᠠᠢ ᠪᠠᠷ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠪᠠᠲᠤᠯᠠᠪᠤᠷᠢ ᠶᠢᠨ ᠠᠵᠢᠯ ᠢ ᠰᠠᠶᠢᠲᠤᠷ ᠬᠢᠬᠦ ᠶᠢᠨ ᠬᠠᠮᠲᠤ᠂ ᠮᠠᠨᠵᠤᠤᠷ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠴᠤ ᠨᠠᠰᠤᠲᠠᠨ ᠢ ᠠᠰᠠᠷᠠᠬᠤ ᠬᠦᠷᠢᠶᠡᠯᠡᠩ ᠳᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠨᠠᠰᠤᠲᠠᠶᠢᠴᠤᠳ ᠢ ᠲᠦᠢᠯ ᠢᠶᠠᠷ ᠬᠠᠯᠠᠮᠵᠢᠯᠠᠵᠤ ᠪᠠᠶᠢᠨ᠎ᠠ᠃ ᠡᠨᠡ ᠵᠢᠯ ᠠᠴᠠ ᠨᠠᠰᠢ᠂ ᠲᠤᠰ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠨᠠᠰᠤᠲᠠᠨ ᠢ ᠠᠰᠠᠷᠠᠬᠤ ᠬᠦᠷᠢᠶᠡᠯᠡᠩ ᠳᠤ ᠨᠡᠶᠢᠳᠡ 3 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ ᠵᠢᠴᠢ 2.5 ᠲᠦᠮᠡᠨ ᠲᠥᠭᠦᠷᠢᠭ ᠤᠨ ᠦᠷᠳᠡᠭ ᠪᠦᠬᠦᠢ ᠠᠮᠢᠳᠤᠷᠠᠯ ᠤᠨ ᠡᠳ᠋ ᠪᠣᠳᠠᠰ ᠪᠠ 1 ᠲᠦᠮᠡᠨ ᠲᠥᠭᠦᠷᠢᠭ ᠤᠨ ᠬᠢᠵᠢᠭ ᠢ ᠰᠡᠷᠭᠡᠶᠢᠯᠡᠬᠦ ᠡᠳ᠋ ᠪᠣᠳᠠᠰ ᠲᠠᠷᠬᠠᠭᠠᠭᠰᠠᠨ ᠪᠥᠭᠡᠳ ᠲᠤᠰᠬᠠᠢ ᠰᠡᠳᠬᠢᠴᠡ ᠶᠢᠨ ᠵᠥᠪᠯᠡᠯᠭᠡ ᠥᠭᠭᠦᠭᠴᠢ ᠶᠢ ᠤᠷᠢᠵᠤ ᠲᠣᠭᠲᠠᠭᠰᠠᠨ ᠬᠤᠭᠤᠴᠠᠭ᠎ᠠ ᠲᠠᠢ ᠪᠠᠷ ᠨᠠᠰᠤᠲᠠᠶᠢᠴᠤᠳ ᠲᠤ ᠰᠡᠳᠬᠢᠴᠡ ᠶᠢᠨ ᠬᠠᠪᠰᠤᠷᠤᠨ ᠵᠢᠯᠤᠭᠤᠳᠬᠤ ᠠᠵᠢᠯ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠵᠦᠢᠯ ᠢ ᠪᠠᠲᠤᠯᠠᠬᠤ ᠠᠮᠤᠷ ᠲᠦᠪᠰᠢᠨ ᠤ ᠲᠣᠣᠷ ᠢ ᠨᠢᠭᠲᠠ ᠰᠦᠯᠵᠢᠵᠡᠢ᠃
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠪᠴᠢᠶ᠎ᠠ