ᠮᠠᠨᠵᠤᠤᠷ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠳᠤᠷᠢᠳᠤᠯᠭ᠎ᠠ ᠰᠢᠨ ᠺᠠᠶ ᠾᠧ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2023/2/15
    ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ‍ᠤᠨ‌ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ 2023 ᠣᠨ ᠤ 2 ᠳ᠋ᠤᠭᠠᠷ ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ ᠂ ᠮᠠᠨᠵᠤᠤᠷ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠵᠣᠣ ᠶᠦᠨ ᠫᠧᠩ ᠵᠢᠴᠢ ᠰᠢᠨ ᠺᠠᠶ ᠾᠧ ᠪᠠᠯᠭᠠᠰᠤᠨ ᠤ ᠤᠳᠤᠷᠢᠳᠤᠯᠭ᠎ᠠ ᠨᠠᠷ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠠᠵᠢᠯ ᠵᠢᠯᠣᠭᠤᠳᠪᠠ᠃    ᠮᠠᠨᠵᠤᠤᠷ ᠬᠤᠳᠠ ᠶᠢᠨ ᠰᠢᠨ ᠺᠠᠢ ᠡᡁᠧ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯ ᠤᠨ ᠪᠠᠶᠢᠭᠤᠯᠤᠯᠲᠠ ᠶᠢᠨ ᠲᠠᠯ᠎ᠠ ᠪᠠᠷ ᠲᠣᠪᠴᠢ ᠲᠠᠨᠢᠯᠴᠠᠭᠤᠯᠭ᠎ᠠ ᠬᠢᠭᠰᠡᠨ ᠪᠥᠭᠡᠳ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠤᠳᠤᠷᠢᠳᠤᠯᠭ᠎ᠠ ᠵᠢᠴᠢ ᠪᠠᠯᠭᠠᠰᠤᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠢ ᠳᠠᠭᠠᠭᠤᠯᠤᠨ ᠡᠷᠡᠭᠦᠯ ᠬᠠᠮᠠᠭᠠᠯᠠᠯ ᠤᠨ ᠬᠤᠷᠢᠶᠠᠨ ᠤ ᠡᠯ᠎ᠡ ᠰᠠᠯᠠᠭ᠎ᠠ ᠲᠠᠰᠤᠭ ᠢ ᠪᠣᠳᠠᠲᠠᠢ ᠲᠣᠭᠤᠷᠢᠨ ᠦᠵᠡᠪᠡ᠃    ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠵᠣᠣ ᠶᠦᠨ ᠫᠧᠩ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠨ ᠲᠣᠬᠢᠷᠠᠭᠤᠯᠤᠭᠰᠠᠨ᠂ ᠲᠤᠬᠠᠶᠢᠯᠠᠭᠰᠠᠨ ᠠᠵᠢᠯ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠪᠠᠰᠠ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠵᠣᠬᠢᠬᠤ ᠬᠡᠮᠵᠢᠶ᠎ᠡ ᠪᠠᠷ ᠣᠶᠢᠯᠠᠭᠠᠵᠤ᠂ ᠡᠷᠡᠭᠦᠯ ᠬᠠᠮᠠᠭᠠᠯᠠᠯ ᠤᠨ ᠬᠤᠷᠢᠶᠠᠨ ᠤ ᠣᠯᠤᠭᠰᠠᠨ ᠠᠵᠢᠯ ᠤᠨ ᠪᠣᠳᠠᠲᠠᠶ ᠪᠠᠶᠢᠳᠠᠯ ᠢ ᠨᠤᠲᠠᠯᠠᠵᠠᠶ᠃ ᠡᠭᠦᠨ ᠤ ᠵᠡᠷᠭᠡ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ ᠵᠣᠣ ᠶᠦᠨ ᠫᠧᠩ ᠱᠠᠭᠠᠷᠳᠠᠭᠰᠠᠨ ᠨᠢ᠄ ᠨᠢᠭᠡ ᠳᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠷᠡᠭᠦᠯ ᠬᠠᠮᠠᠭᠠᠯᠠᠯ ᠤᠨ ᠬᠤᠷᠢᠶᠠᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠤᠶᠠᠷ ᠲᠤ ᠡᠬᠢ ᠪᠠᠶᠠᠯᠢᠭ ᠢ ᠠᠭᠤᠳᠠᠯᠤᠨ ᠰᠠᠶᠢᠲᠤᠷ ᠠᠰᠢᠭᠯᠠᠵᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠥᠭᠵᠢᠯᠲᠡ ᠳᠤ ᠬᠦᠴᠦ ᠨᠡᠮᠡᠷᠢᠯᠡᠬᠦ ᠬᠡᠷᠡᠭᠲᠡᠶ᠃ ᠭᠤᠷᠪᠠ ᠳᠤ ᠣᠨᠴᠠᠯᠢᠭ ᠢᠶᠠᠨ ᠲᠤᠪᠤᠶᠢᠯᠭᠠᠵᠤ᠂ ᠠᠷᠠᠳ ᠤᠯᠠᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ᠃   
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ