ᠮᠠᠨ ᠤ ᠬᠤᠲᠠ ᠶᠢᠨ ᠲᠠᠮᠢᠷᠴᠢᠳ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠦᠷᠭᠡᠨ ᠲᠡᠰᠢᠯᠲᠡ ᠶᠢᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2023/2/28
    2 ᠳ᠋ᠤᠭᠠᠷ ᠰᠠᠷ᠎ᠠ ᠶᠢᠨ 23 ᠠᠴᠠ 24 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠥᠯᠥᠨ ᠪᠤᠶᠢᠷ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠤᠨ ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ᠬᠥᠯᠥᠨ ᠪᠤᠶᠢᠷ ᠬᠤᠲᠠ ᠶᠢᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠦᠷᠭᠡᠨ ᠲᠡᠰᠢᠯᠲᠡ ᠶᠢᠨ ᠤᠷᠤᠯᠳᠤᠭᠠᠨ ᠵᠢᠴᠢ ᠲᠦᠷᠭᠡᠨ ᠲᠡᠰᠢᠯᠲᠡ ᠶᠢᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ ᠶᠢᠨ ᠤᠷᠤᠯᠳᠤᠭᠠᠨ ᠥᠪᠥᠷ ᠮᠣᠩᠭᠤᠯ ᠤᠨ ᠮᠥᠰᠥᠨ ᠳᠡᠭᠡᠷᠡᠬᠢ ᠪᠡᠶ᠎ᠡ ᠲᠠᠮᠢᠷ ᠤᠨ ᠪᠣᠯᠪᠠᠰᠤᠷᠠᠯ ᠤᠨ ᠲᠥᠪ ᠤᠨ ᠲᠦᠷᠭᠡᠨ ᠲᠡᠰᠢᠯᠲᠡ ᠶᠢᠨ ᠣᠷᠳᠣᠨ ᠳᠤ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠳᠤ ᠡᠯ᠎ᠡ ᠬᠤᠰᠢᠭᠤ ᠬᠤᠲᠠ ᠲᠣᠭᠤᠷᠢᠭ ᠤᠨ 32 ᠲᠥᠯᠥᠭᠡᠯᠡᠭᠴᠢᠳ ᠤᠨ ᠠᠩᠭᠢ ᠶᠢᠨ 400 ᠰᠢᠬᠠᠮ ᠲᠠᠮᠢᠷᠴᠢᠨ ᠣᠷᠣᠯᠴᠠᠵᠤ᠂ ᠮᠠᠨ ᠤ ᠬᠤᠲᠠ 18 ᠲᠠᠮᠢᠷᠴᠢᠨ ᠲᠣᠮᠢᠯᠠᠨ ᠲᠣᠰ ᠤᠳᠠᠭᠠᠨ ᠤ ᠤᠷᠤᠯᠳᠤᠭᠠᠨ ᠳᠤ ᠣᠷᠣᠯᠴᠠᠭᠤᠯᠪᠠ᠃
1.png    ᠤᠷᠤᠯᠳᠤᠭᠠᠨ ᠤ ᠲᠠᠯᠠᠪᠤᠷ ᠲᠤ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠵᠤ᠂ ᠬᠢᠨᠠᠭᠴᠢ ᠶᠢᠨ
ᠵᠠᠷᠯᠢᠭ ᠢᠶᠠᠷ᠂ ᠲᠠᠮᠢᠷᠴᠢᠳ ᠰᠢᠷᠭᠠᠭᠤ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠯᠬᠢ ᠴᠠᠬᠢᠯᠭᠠᠨ ᠮᠡᠲᠦ ᠲᠦᠷᠭᠡᠨ ᠳᠠᠪᠬᠢᠵᠤ ᠪᠠᠶᠢᠭ᠎ᠠ ᠪᠠᠷ᠎ᠠ ᠰᠡᠭᠦᠳᠡᠷ ᠨᠢ ᠤᠷᠤᠯᠳᠤᠭᠠᠨ ᠤ ᠲᠠᠯᠠᠪᠤᠷ ᠲᠠᠬᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠤᠯᠵᠤ᠂ ᠮᠠᠨ ᠤ ᠬᠤᠳᠠ ᠶᠢᠨ ᠮᠥᠰᠥᠨ ᠳᠡᠭᠡᠷᠡᠬᠢ ᠲᠠᠮᠢᠷᠴᠢᠳ ᠤᠨ ᠲᠤᠰ ᠵᠢᠯ ᠤᠨ ᠪᠣᠯᠪᠠᠰᠤᠷᠠᠯ ᠤᠨ ᠦᠷ᠎ᠡ ᠪᠦᠲᠦᠭᠡᠯ ᠢ ᠭᠦᠢᠴᠡᠳ ᠬᠠᠷᠠᠭᠤᠯᠪᠠ᠃
2.png    ᠰᠢᠷᠦᠭᠦᠨ ᠲᠡᠮᠡᠴᠡᠯᠳᠦᠭᠡᠨ ᠢᠶᠠᠷ ᠲᠠᠮᠵᠢᠨ᠂ ᠮᠠᠨ ᠤ ᠬᠤᠳᠠ ᠶᠢᠨ ᠲᠠᠮᠢᠷᠴᠢᠨ ᠯᠢᠦ ᠰᠢᠨ ᠶᠣᠣ᠂ ᠶᠠᠩ ᠴᠢᠶᠣᠤ
ᠷᠠᠨ ᠲᠤᠰ ᠲᠤᠰ ᠡᠷᠡᠭᠲᠡᠶ ᠶᠢᠨ ᠬᠦᠬᠡ ᠳᠤᠭᠤᠶᠢᠯᠠᠩ ᠤᠨ 5000 ᠮᠧᠲᠷ᠂ ᠡᠷᠡᠭᠲᠡᠶ ᠶᠢᠨ ᠤᠯᠠᠭᠠᠭᠴᠢᠨ ᠳᠤᠭᠤᠶᠢᠯᠠᠩ ᠤᠨ 500 ᠮᠧᠲᠷ᠂ 1000 ᠮᠧᠲᠷ ᠤᠨ ᠭᠠᠤᠯᠢᠨ ᠮᠧᠳᠠᠯ ᠢ ᠣᠯᠵᠤ᠂ ᠮᠠᠨᠵᠤᠤᠷ ᠬᠤᠳᠠ ᠶᠢᠨ ᠲᠥᠯᠥᠭᠡᠯᠡᠭᠴᠢᠳ ᠤᠨ ᠠᠩᠬᠢ ᠪᠦᠯᠬᠦᠮ ᠤᠨ ᠶᠡᠷᠦᠩᠬᠡᠶ ᠬᠤᠪᠢ ᠶᠢᠨ ᠬᠤᠶᠠᠳᠤᠭᠠᠷ ᠲᠤ ᠤᠷᠤᠭᠰᠠᠨ ᠰᠢᠯᠢᠳᠡᠭ ᠬᠢᠷᠢ ᠪᠦᠲᠦᠮᠵᠢ ᠶᠢ ᠤᠯᠪᠠ᠃   
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ  ᠤᠨ ᠤᠷᠳᠤᠨ