ᠮᠠᠨᠵᠤᠤᠷ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/3
     2 ᠰᠠᠷ᠎ᠠ ᠶᠢᠨ 1 ᠤ ᠦᠳᠡ ᠶᠢᠨ ᠬᠤᠶᠢᠨ᠎ᠠ᠂ ᠮᠠᠨᠵᠤᠤᠷ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠷᠢᠭᠦᠯᠡᠭᠴᠢᠳ ᠤᠨ ᠪᠦᠯᠬᠦᠮ ᠤᠨ ᠠᠩᠬᠠᠳᠤᠭᠠᠷ ᠬᠤᠷᠠᠯᠳᠤᠭᠠᠨ ᠢ ᠬᠤᠷᠠᠯᠳᠤᠭᠤᠯᠪᠠ᠃ ᠬᠤᠷᠠᠯ ᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠰᠢᠶᠤᠤ ᠯᠢᠶᠠᠩ ᠡᠷᠭᠢᠯᠡᠵᠦ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠡᠯ᠎ᠡ ᠪᠦᠷᠢᠯᠳᠦᠬᠦᠨ ᠬᠤᠷᠠᠯ ᠳᠤ ᠣᠷᠣᠯᠴᠠᠵᠠᠶ᠃    ᠬᠤᠷᠠᠯ ᠠᠴᠠ ᠮᠠᠨᠵᠤᠤᠷ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠠᠲᠤᠯᠠᠬᠤ ᠠᠷᠭ᠎ᠠ ᠶᠢ ᠪᠠᠲᠤᠯᠠᠵᠤ᠂ ᠮᠠᠨᠵᠤᠤᠷ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠬᠤᠷᠠᠯ ᠤᠨ ᠡᠳᠦᠷ ᠤᠨ ᠮᠠᠨᠵᠤᠤᠷ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠡᠳᠦᠷ ᠤᠨ ᠳᠠᠷᠠᠭᠠᠯᠠᠯ᠂ ᠮᠠᠨᠵᠤᠤᠷ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠶᠢᠨ ᠨᠡᠷᠡᠰ᠂ ᠮᠠᠨᠵᠤᠤᠷ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ᠂ ᠮᠠᠨᠵᠤᠤᠷ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ᠃ ᠲᠥᠯᠥᠭᠡᠯᠡᠭᠴᠢᠳ ᠤᠨ ᠵᠥᠪᠯᠡᠯᠭᠡ ᠳᠤᠷᠠᠳᠬᠤ ᠡᠴᠦᠰ ᠤᠨ ᠴᠠᠭ ᠢ 2023 ᠣᠨ ᠤ 2 ᠰᠠᠷ᠎ᠠ ᠶᠢᠨ 2 ᠤᠨ ᠡᠳᠦᠷ ᠤᠨ 17 ᠴᠠᠭ ᠢᠶᠠᠷ ᠲᠣᠭᠲᠠᠭᠠᠪᠠ᠃    ᠬᠤᠷᠠᠯ ᠠᠴᠠ ᠪᠠᠰᠠ 2023 ᠣᠨ ᠤ ᠮᠠᠨᠵᠤᠤᠷ ᠬᠤᠳᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠥᠭᠬᠦ ᠠᠷᠭ᠎ᠠ ︵ᠲᠥᠰᠦᠯ︶ ᠶᠢ ᠪᠠᠲᠤᠯᠠᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠪᠡ᠃ ᠮᠠᠨᠵᠤᠤᠷ ᠬᠤᠳᠠ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠤᠨ ᠬᠠᠨᠤᠮᠵᠢ ᠶᠢᠨ ᠬᠡᠮᠵᠢ᠊ ᠡᠶ᠎ᠡ ᠶᠢ ᠬᠡᠮᠵᠢᠨ ᠲᠣᠭᠲᠠᠭᠠᠬᠤ ᠠᠷᠭ᠎ᠠ ᠶᠢ ᠪᠠᠲᠤᠯᠠᠵᠠᠢ
ᠢᠷᠡᠯᠲᠡ᠄ ᠮᠠᠨᠵᠤᠤᠷ ᠬᠤᠲᠠ ᠶᠢᠨ ᠠᠷᠠᠳ ᠤᠨ ᠵᠠᠰᠠᠭ ᠤᠨ ᠤᠷᠳᠤᠨ